ᠠᠭᠲᠠ ᠶᠢᠨ ᠬᠤᠷᠳᠤᠨ ᠡᠷ᠎ᠡ ᠶᠢᠨ ᠰᠠᠶᠢᠨ ᠢ ᠰᠢᠯᠭᠠᠭᠰᠠᠨ ᠠᠳᠤᠭᠤᠨ ᠳᠡᠯᠯᠡᠭᠡ
ᠨᠡᠶᠢᠲᠡᠯᠡᠭᠰᠡᠨ ᠴᠠᠭ᠄
2024/4/23
      ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠵᠢᠷᠠᠨ ᠭᠠᠴᠠᠭᠠᠨ ᠤ ᠮᠠᠯᠴᠢᠨ ᠤᠷᠠᠡᠪᠦ᠋ᠬᠡ ᠶᠢᠨ ᠬᠢᠨ ᠦᠪᠦᠷ ᠮᠤᠩᠭᠤᠯ ᠠᠴᠠ ᠢᠷᠡᠭᠰᠡᠨ ᠺᠢᠨᠤ᠋ ᠰᠡᠭᠦᠳᠡᠷᠯᠡᠬᠦ ᠠᠵᠢᠯ ᠤᠨ ᠠᠷᠦ ᠦᠵᠡᠭᠳᠡᠯ ᠠᠪᠬᠤ ᠨᠦᠬᠦᠴᠡᠯ ᠢ ᠲᠤᠬᠢᠶᠠᠯᠳᠤᠭᠤᠯᠤᠨ᠂ ᠠᠳᠤᠭᠤ ᠪᠠᠨ ᠳᠡᠯᠯᠡᠵᠦ᠂ ᠡᠮ ᠴᠢᠳᠬᠤᠬᠤ ᠵᠡᠷᠭᠡ ᠠᠵᠢᠯ ᠢ ᠶᠠᠪᠤᠭᠳᠠᠭᠤᠯᠤᠭᠰᠠᠨ ᠪᠠᠶᠢᠨ᠎ᠠ᠃       ᠠᠳᠤᠭᠤ ᠳᠡᠯᠯᠡᠬᠦ ᠳᠤ ᠲᠤᠰ ᠪᠠᠯᠭᠠᠰᠤᠨ ᠤ ᠵᠢᠷᠠᠨ᠂ ᠵᠢᠭᠠᠰᠤᠲᠠᠢ᠂ ᠲᠦᠷᠪᠡᠯᠵᠢ ᠵᠡᠷᠭᠡ ᠭᠠᠴᠠᠭ᠎ᠠ ᠨᠢᠭᠡᠴᠡ ᠎ ᠶᠢᠨ ᠠᠳᠤᠭᠤᠨ ᠳᠤ ᠪᠠᠭ᠋ᠠᠲᠠᠢ ᠮᠠᠯᠴᠢᠨ ᠵᠠᠯᠠᠭᠤᠴᠤᠳ ᠪᠠ ᠠᠬᠠᠮᠠᠳ ᠢᠳᠡᠷᠴᠤᠳ ᠲᠦᠴᠢ ᠰᠢᠬᠠᠮ ᠬᠦᠮᠦᠰ ᠴᠤᠭᠯᠠᠷᠠᠵᠦ᠂ ᠬᠤᠷᠢ ᠰᠢᠬᠠᠮ ᠮᠤᠷᠢᠲᠠᠢ ᠬᠦᠮᠦᠰ ᠤᠷᠤᠯᠴᠠᠵᠦ᠂ ᠠᠳᠤᠭᠤ ᠬᠤᠷᠢᠶᠠᠨ ᠮᠤᠷᠢ ᠤᠷᠠᠭᠠᠯᠠᠵᠦ᠂ ᠠᠳᠤᠭᠤ ᠳᠡᠯᠯᠡᠵᠦ᠂ ᠡᠮᠨᠢᠭ ᠵᠠᠶᠢᠳᠠᠯᠠᠭᠰᠠᠨ ᠪᠠ ᠠᠵᠢᠷᠭ᠎ᠠ ᠱᠢᠷᠭᠤᠭᠤᠯᠬᠤ ᠵᠡᠷᠭᠡ ᠠᠳᠤᠭᠤᠨ ᠰᠤᠶᠤᠯ ᠤᠨ ᠰᠠᠶᠢᠬᠠᠨ ᠬᠦᠳᠡᠯᠭᠡᠭᠡᠨ ᠪᠤᠯᠵᠦ᠂ ᠦᠢᠷ᠎ᠠ ᠶᠢᠨ ᠵᠢᠯ ᠳᠤ ᠪᠠᠶᠢᠭ᠎ᠠ ᠦᠬᠡᠢ ᠮᠠᠯᠴᠢᠨ ᠠᠶᠢᠯ ᠤᠨ ᠬᠢᠭᠰᠡᠨ ᠵᠠᠳᠠᠭᠠᠢ ᠲᠠᠯ᠎ᠠ ᠳᠡᠭᠡᠷ᠎ᠡ ᠤᠯᠠᠨ ᠮᠤᠷᠢᠲᠠᠢ ᠬᠦᠮᠦᠰ ᠠᠳᠤᠭᠤ ᠳᠡᠯᠯᠡᠭᠰᠡᠨ ᠰᠠᠶᠢᠬᠠᠨ ᠠᠵᠢᠯᠯᠠᠭ᠎ᠠ ᠪᠤᠯᠵᠦ᠂ ᠬᠡᠳᠦᠨ ᠭᠠᠴᠠᠭᠠᠨ ᠤ ᠬᠦᠮᠦᠰ ᠤᠨ ᠬᠦᠷ ᠪᠠᠶᠠᠷ ᠪᠤᠯᠵᠦ ᠪᠢᠯᠡ᠃      ᠡᠳᠡᠨᠠᠶᠢᠬᠢᠨ ᠲᠤᠰ ᠤᠳᠠᠭ᠎ᠠ ᠬᠡᠷᠡᠮ ᠬᠠᠰᠢᠶᠠᠨ ᠳᠤ ᠬᠤᠷᠢᠵᠦ ᠬᠠᠰᠢᠭᠰᠠᠨ ᠦᠬᠡᠢ᠂ ᠬᠠᠷᠢᠨ ᠭᠠᠳᠠᠨ᠎ᠠ ᠲᠠᠯ᠎ᠠ ᠳᠡᠭᠡᠷ᠎ᠡ ᠤᠷᠠᠭᠠᠯᠠᠵᠦ ᠪᠤᠯᠤᠭᠰᠠᠨ ᠨᠢ ᠰᠤᠨᠤᠰᠤᠭᠰᠠᠨ ᠪᠦᠬᠦᠨ ᠤ ᠰᠤᠨᠤᠷ ᠢ ᠮᠢᠯᠢᠶᠠᠵᠦ᠂ ᠮᠠᠯᠴᠢᠳ ᠬᠦᠯᠡᠮᠵᠢ ᠶᠢᠨ ᠬᠦᠨᠳᠡᠢ ᠳᠤ ᠰᠠᠭᠤᠷᠢᠰᠢᠯ ᠲᠠᠢ ᠡᠳᠡᠨᠠᠶᠢᠬᠢᠨ ᠤ ᠵᠦᠭ ᠬᠦᠯᠦᠭ ᠤᠨ ᠵᠢᠯᠤᠭᠤ ᠰᠤᠩᠭᠤᠴᠢᠬᠠᠵᠦ᠂ ᠬᠦᠷ ᠬᠦᠭᠵᠢᠶᠡᠨ ᠎ ᠢᠶᠠᠷ ᠬᠠᠭᠠᠰ ᠡᠳᠦᠷ ᠠᠳᠤᠭᠤᠨ ᠲᠦᠪᠡᠷᠭᠡᠨ ᠳᠤ ᠲᠤᠭᠤᠰᠤᠷᠠᠵᠦ᠂ ᠠᠶᠢᠯ ᠠᠶᠢᠮᠠᠭ ᠤᠨ ᠬᠢᠨ ᠪᠤᠯᠤᠨ ᠵᠡᠷᠭᠡᠯᠡᠳᠡᠭᠡ ᠭᠠᠴᠠᠭᠠᠨ ᠤ ᠪᠠᠨ ᠮᠠᠯᠴᠢᠳ ᠲᠠᠢ ᠨᠢᠭᠤᠷ ᠵᠤᠯᠭᠠᠨ ᠵᠤᠭᠤᠭ ᠬᠦᠬᠡᠷᠡᠴᠢᠭᠡᠵᠦ᠂ ᠬᠠᠪᠤᠷ ᠤᠨ ᠬᠠᠪᠰᠤᠷᠤᠭ᠎ᠠ ᠶᠢ ᠬᠠᠮᠳᠦ ᠶᠢᠨ ᠬᠦᠴᠦᠨ ᠢᠶᠠᠷ ᠲᠤᠭᠤᠯᠠᠵᠦ᠂ ᠠᠭᠤᠳᠠᠮ ᠰᠠᠶᠢᠬᠠᠨ ᠲᠠᠯ᠎ᠠ ᠪᠠᠷ ᠢᠶᠠᠨ ᠠᠭᠲᠠ ᠶᠢᠨ ᠬᠤᠷᠳᠤᠨ ᠢᠶᠠᠷ ᠎ ᠢᠶᠠᠨ ᠬᠦᠶᠦᠯᠭᠡᠵᠦ ᠡᠷ᠎ᠡ ᠶᠢᠨ ᠰᠠᠶᠢᠨ ᠢ ᠭᠠᠶᠢᠬᠠᠭᠤᠯᠤᠭᠰᠠᠨ ᠰᠠᠶᠢᠬᠠᠨ ᠨᠠᠭᠠᠳᠤᠮ ᠪᠤᠯᠵᠦ ᠪᠢᠯᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号