ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/4/23
      ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡ  ᠴᠣᠭᠴᠠᠵᠢᠭᠤᠯᠤᠭᠰᠠᠨ ᠠᠵᠢᠯᠯᠠᠭᠠᠨ ᠤ ᠲᠥᠪ ᠲᠤ ᠲᠦᠰᠢᠭᠯᠡᠨ᠂ ᠨᠠᠮᠴᠢ ᠴᠢᠨᠠᠷ ᠤᠨ ᠪᠣᠯᠪᠠᠰᠤᠷᠠᠯ᠂ ᠣᠨᠣᠯ ᠤᠨ ᠰᠤᠷᠤᠯᠴᠠᠯᠭ᠎ᠠ᠂ ᠬᠡᠪ ᠴᠢᠨᠠᠷ ᠤᠨ ᠪᠣᠯᠪᠠᠰᠤᠷᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ ᠶᠢ ᠬᠦᠴᠦᠯᠡᠨ ᠪᠠᠶᠢᠭᠤᠯᠵᠤ᠂ 2023 ᠣᠨ ᠤ ᠰᠡᠭᠦᠯᠴᠢ ᠪᠠᠷ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠬᠤᠰᠢᠭᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠣᠯᠠᠨ ᠲᠦᠮᠡᠨ ᠳᠤ ᠨᠡᠶᠢᠲᠡ 2 ᠲᠦᠮᠡ ᠭᠠᠷᠤᠢ ᠬᠥᠮᠥᠨ ᠤᠳᠠᠭ᠎ᠠ ᠦᠢᠯᠡᠴᠢᠯᠡᠵᠦ᠂ ᠲᠠᠯ᠎ᠠ ᠨᠤᠲᠤᠭ ᠤᠨ ᠠᠷᠠᠳ ᠲᠦᠮᠡᠨ ᠤ ᠳᠡᠷᠭᠡᠳᠡᠬᠢ ᠦᠢᠯᠡᠴᠢᠯᠡᠭᠡᠨ ᠤ ᠹᠷᠣᠨᠲ ᠪᠣᠯᠣᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠷᠦᠩᠬᠡᠢ ᠲᠠᠯᠠᠪᠠᠶ ᠨᠢ 5037 ᠬᠠᠪᠲᠠᠭᠠᠢ ᠳᠥᠷᠪᠡᠯᠵᠢᠨ ᠮᠧᠲᠷ ᠪᠠᠶᠢᠵᠤ᠂ ︽ᠬᠤᠶᠠᠷ ᠲᠠᠩᠬᠢᠮ ᠬᠤᠶᠠᠷ ᠲᠣᠭᠤᠷᠢᠭ ᠬᠤᠶᠠᠷ ᠣᠷᠳᠣᠨ︾ ︵ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠠᠩᠬᠢᠮ᠂ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠦᠵᠡᠭᠦᠯᠦᠯᠭᠡ ᠶᠢᠨ ᠲᠠᠩᠬᠢᠮ᠂ ᠨᠠᠮ ᠪᠠ ᠣᠯᠠᠨ ᠲᠦᠮᠡᠨ ᠤ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠣᠭᠤᠷᠢᠭ᠂ ᠨᠠᠮ ᠪᠠ ᠣᠯᠠᠨ ᠲᠦᠮᠡᠨ ᠤ ᠬᠠᠮᠲᠤ ᠪᠠᠷ ᠡᠳ᠋ᠯᠡᠬᠦ ᠨᠣᠮ ᠤᠩᠰᠢᠬᠤ ᠲᠣᠭᠤᠷᠢᠭ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠣᠷᠳᠣᠨ᠂ ᠨᠠᠮ ᠤᠨ ᠭᠡᠰᠢᠭᠦᠨ ᠤ ᠬᠥᠮᠦᠵᠢᠯ ᠤᠨ ᠣᠷᠳᠣᠨ︶ ᠲᠣᠬᠢᠷᠠᠭᠤᠯᠪᠠ᠃ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ᠂ ᠨᠡᠶᠢᠭᠡᠮ ᠤᠨ ᠪᠦᠯᠬᠦᠮ ᠤᠨ ᠨᠠᠮ ᠤᠨ ᠭᠡᠰᠢᠭᠦᠨ ᠣᠯᠠᠨ ᠲᠦᠮᠡᠨ ᠳᠠᠷᠠᠭᠠᠯᠠᠨ ᠢᠷᠡᠵᠦ ᠲᠣᠭᠤᠷᠢᠨ ᠰᠤᠷᠤᠯᠴᠠᠭᠰᠠᠨ ᠪᠥᠭᠡᠳ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠣᠯᠠᠨ ᠲᠦᠮᠡᠨ ᠤ ᠪᠦᠯᠬᠦᠮ ᠤᠨ ᠠᠵᠢᠯᠯᠠᠭ᠎ᠠ᠂ ᠬᠥᠮᠦᠵᠢᠯ ᠪᠣᠯᠪᠠᠰᠤᠷᠠᠯ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号