| 4 ᠰᠠᠷ᠎ᠠ ᠶᠢᠨ 17 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠦᠢᠯᠠᠰ ᠵᠢᠭᠤᠯᠴᠢᠯᠠᠯ ᠤᠨ ᠠᠵᠤ | ᠦᠢᠯᠡᠰ ᠤᠨ ᠭᠦᠭᠵᠢᠬᠦᠯᠤᠯᠳᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠪᠡᠭᠡᠵᠢᠩ ᠤᠨ ᠢᠦᠢ ᠵᠢᠩ ᠺᠢᠨᠣ᠋ | ᠲᠧᠯᠸᠢᠰ ᠤᠨ ᠰᠣᠶᠣᠯ ᠤᠨ ᠬᠢᠵᠠᠭᠠᠷᠲᠤ ᠺᠣᠮᠫᠠᠨᠢ ︽ᠮᠤᠷᠢᠨ ᠨᠢᠷᠣᠭᠤᠨ ᠲᠠᠬᠡᠷᠡᠬᠢ ᠣᠨ ᠵᠢᠯ︾ ᠭᠡᠬᠦ ᠲᠧᠯᠸᠢᠰ | ᠵᠦᠴᠦᠭᠡ ᠶᠢᠨ ᠬᠠᠮᠵᠢᠯᠴᠠᠨ ᠰᠡᠭᠦᠳᠡᠷᠯᠡᠬᠦ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ | | ᠲᠤᠰ ᠲᠧᠯᠸᠢᠰ ᠵᠦᠴᠦᠭᠡ ᠼᠤᠤ ᠴᠦᠨ ᠢᠦᠢ ᠶᠢᠨ ᠷᠣᠮᠠᠨ ︽ᠮᠤᠷᠢᠨ ᠨᠢᠷᠣᠭᠤᠨ ᠲᠠᠬᠡᠷᠡᠬᠢ ᠣᠨ ᠵᠢᠯ︾ ᠢ | ᠦᠨᠳᠦᠰᠦᠯᠡᠨ ᠥᠭᠡᠷᠡᠴᠢᠯᠡᠨ ᠨᠠᠶᠢᠷᠠᠭᠤᠯᠵᠦ᠂ ᠪᠡᠭᠡᠵᠢᠩ ᠤᠨ ᠢᠦᠢ ᠵᠢᠩ ᠺᠢᠨᠣ᠋ ᠲᠧᠯᠸᠢᠰ ᠤᠨ ᠰᠣᠶᠣᠯ ᠤᠨ ᠬᠢᠵᠠᠭᠠᠷᠲᠤ | ᠺᠣᠮᠫᠠᠨᠢ ᠠᠴᠠ ᠠᠩᠬ᠎ᠠ ᠠᠯᠬᠤᠮ 36 ᠪᠦᠯᠦᠭ ᠲᠠᠢ ᠦᠷᠭᠦᠯᠵᠢᠯᠡᠭᠰᠡᠨ ᠲᠧᠯᠸᠢᠰ ᠵᠦᠴᠦᠭᠡ ᠪᠤᠯᠭᠠᠭᠰᠠᠨ ᠪᠠᠶᠢᠨ᠎ᠠ᠃ ᠺᠢᠨᠤ᠋ | ᠵᠦᠴᠦᠬᠡ ᠨᠢ ᠳᠡᠭᠡᠷ᠎ᠡ ᠵᠠᠭᠤᠨ ᠤ ᠳᠠᠯᠠᠭᠠᠳ ᠣᠨ ᠤ ᠦᠶ᠎ᠡ ᠳᠤ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠬᠤᠲᠠ | ᠶᠢᠨ ᠵᠠᠯᠠᠭᠤᠴᠤᠳ ᠡᠬᠡ ᠣᠷᠣᠨ ᠤ ᠪᠠᠨ ᠤᠷᠢᠶᠠᠯᠠᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠥᠪᠥᠷ ᠮᠣᠩᠭᠤᠯ | ᠤᠨ ᠰᠢᠯᠢ ᠶᠢᠨ ᠭᠤᠣᠯ ᠤᠨ ᠲᠠᠯ᠎ᠠ ᠨᠤᠲᠤᠭ ᠲᠤ ᠬᠦᠷᠴᠦ᠂ ᠡᠯ᠎ᠡ ᠦᠨᠳᠦᠰᠦᠲᠡᠨ ᠤ ᠨᠠᠮ ᠤᠨ ᠭᠡᠰᠢᠭᠦᠨ ᠺᠠᠳ᠋ᠷ᠂ ᠮᠠᠯᠴᠢᠨ | ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠰᠡᠳᠬᠢᠯ ᠬᠥᠳᠡᠯᠭᠡᠮ᠎ᠡ ᠦᠯᠢᠭᠡᠷ ᠢᠶᠠᠷ ᠦᠢᠯᠠ ᠶᠠᠪᠤᠳᠠᠯ ᠪᠤᠯᠭᠠᠨ | ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠭᠰᠡᠨ ᠣᠨ ᠵᠢᠯ ᠤᠳ ᠢ ᠠᠮᠢᠳᠤᠯᠢᠭ ᠢᠶᠠᠷ ᠵᠢᠷᠤᠭᠯᠠᠵᠠᠢ᠃ | | ᠬᠡᠯᠡᠯᠴᠠᠬᠡᠷ ᠲᠤᠭᠳᠠᠬᠤ ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠤᠨ ᠠᠭᠤᠯᠭ᠎ᠠ ᠶᠢ ᠨᠠᠷᠢᠨ ᠨᠢᠭᠲᠠ | ᠰᠤᠳᠤᠯᠵᠤ᠂ ᠰᠠᠨᠠᠯ ᠨᠢᠬᠡᠳᠠᠢ ᠭᠠᠷ ᠤᠨ ᠦᠰᠦᠭ ᠵᠢᠷᠤᠪᠠ᠃ ᠪᠠᠷᠠᠭᠤᠨ ᠦᠵᠦᠮᠦᠴᠢᠨ ᠬᠤᠰᠢᠭᠤ ︽ᠮᠤᠷᠢᠨ ᠨᠢᠷᠣᠭᠤᠨ | ᠲᠠᠬᠡᠷᠡᠬᠢ ᠣᠨ ᠵᠢᠯ︾ ᠭᠡᠬᠦ ᠲᠧᠯᠸᠢᠰ ᠵᠦᠴᠦᠭᠡ ᠶᠢᠨ ᠳᠤᠭᠤᠶᠢᠯᠠᠩ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ | ᠵᠦᠴᠦᠭᠡ ᠶᠢᠨ ᠳᠤᠭᠤᠶᠢᠯᠠᠩ ᠨᠢ ᠮᠠᠨ ᠤ ᠬᠤᠰᠢᠭᠤ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠨ ᠭᠦᠨᠵᠡᠭᠡᠶᠢᠷᠡᠭᠦᠯᠵᠦ᠂ | ᠪᠠᠷᠠᠭᠤᠨ ᠦᠵᠦᠮᠦᠴᠢᠨ ᠬᠤᠰᠢᠭᠤᠨ ᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠠ ︽ ᠮᠤᠷᠢᠨ | ᠨᠢᠷᠣᠭᠤᠨ ᠲᠠᠬᠡᠷᠡᠬᠢ ᠣᠨ ᠵᠢᠯ︾ ᠭᠡᠬᠦ ᠲᠧᠯᠸᠢᠰ ᠵᠦᠴᠦᠭᠡ ᠶᠢᠨ ᠭᠦᠨ ᠵᠤᠵᠠᠭᠠᠨ ᠲᠡᠦᠬᠡ ᠰᠣᠶᠣᠯ ᠢ ᠤᠶᠠᠯᠳᠤᠭᠤᠯᠵᠤ᠂ | ᠰᠣᠳᠣᠨ ᠪᠦᠲᠦᠭᠡᠯ ᠰᠡᠭᠦᠳᠡᠷᠯᠡᠨ ᠭᠠᠷᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ | ᠣᠨᠴᠠᠯᠢᠭ ᠪᠠ ᠦᠵᠡᠰᠬᠦᠯᠠᠩᠳᠣ ᠰᠠᠶᠢᠬᠠᠨ ᠦᠩᠬᠡ ᠦᠵᠡᠮᠵᠢ ᠶᠢ ᠤᠬᠠᠭᠤᠯᠤᠨ ᠳᠡᠯᠭᠡᠷᠡᠭᠦᠯᠬᠦ ᠶᠢ ᠬᠦᠰᠡᠵᠦ ᠪᠠᠶᠢᠨ᠎ᠠ ᠬᠡᠵᠡᠢ | ᠃ | ᠣᠶᠢᠯᠠᠭᠠᠭᠰᠠᠨ ᠢᠶᠠᠷ᠂ ᠵᠦᠴᠦᠭᠡ ᠶᠢᠨ ᠳᠤᠭᠤᠶᠢᠯᠠᠩ ᠨᠢ 3 ᠰᠠᠷ᠎ᠠ ᠶᠢᠨ 18 ᠤ ᠡᠳᠦᠷ ᠠᠴᠠ 20 ᠤ ᠡᠳᠦᠷ | ᠪᠣᠯᠲᠠᠯ᠎ᠠ ᠪᠠᠷᠠᠭᠤᠨ ᠦᠵᠦᠮᠦᠴᠢᠨ ᠬᠤᠰᠢᠭᠤᠨ ᠳᠤ ᠬᠦᠷᠴᠦ ᠰᠡᠭᠦᠳᠡᠷᠯᠡᠬᠦ ᠠᠴᠠ ᠡᠮᠦᠨᠡᠬᠢ ᠬᠤᠭᠤᠴᠠᠭᠠᠨ ᠤ ᠪᠠᠯᠠᠳᠬᠡᠯ | ᠠᠵᠢᠯ ᠬᠢᠭᠰᠡᠨ ᠪᠠᠶᠢᠨ᠎ᠠ᠃ ᠤᠳᠤᠷᠢᠳᠤᠭᠠᠴᠢ ᠨᠠᠷ ᠨᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠣᠮᠤᠨ | ᠤ ᠡᠷᠢᠶᠠᠠᠨᠠᠭᠤᠷ᠂ ᠴᠠᠭᠠᠨ ᠮᠤᠷᠢᠳᠣ ᠰᠣᠮᠤ᠂ ᠭᠤᠷᠤᠬᠠᠨ ᠪᠠᠯᠭᠠᠰᠤᠨ ᠤ ᠰᠡᠬᠡᠭᠡᠲᠡᠨ ᠵᠠᠯᠠᠭᠤᠴᠤᠳ ᠤᠨ ᠶᠣᠰᠣᠯᠠᠯ ᠤᠨ | ᠲᠠᠩᠬᠢᠮ ᠳᠤ ᠬᠦᠷᠴᠦ ᠦᠵᠡᠮᠵᠢ ᠰᠣᠩᠭᠤᠵᠤ᠂ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠤᠰᠤᠨ ᠤ ᠵᠠᠩ ᠠᠭᠠᠯᠢ᠂ | ᠲᠡᠦᠬᠡ ᠰᠣᠶᠣᠯ᠂ ᠪᠠᠶᠢᠭᠠᠯᠢ ᠶᠢᠨ ᠠᠭᠤᠯᠠ ᠤᠰᠤ᠂ ᠦᠵᠡᠮᠵᠢ ᠶᠢᠨ ᠣᠷᠣᠨ ᠤ ᠦᠵᠡᠮᠵᠢ᠂ ᠠᠮᠢ ᠠᠬᠤᠢ ᠶᠢᠨ ᠣᠷᠴᠢᠨ | ᠲᠣᠭᠤᠷᠢᠨ ᠵᠡᠷᠭᠡ ᠪᠠᠶᠢᠳᠠᠯ ᠢ ᠣᠶᠢᠯᠠᠭᠠᠪᠠ᠃ | | ︽ᠮᠤᠷᠢᠨ ᠨᠢᠷᠣᠭᠤᠨ ᠲᠠᠬᠡᠷᠡᠬᠢ ᠣᠨ ᠵᠢᠯ︾ ᠭᠡᠬᠦ ᠲᠧᠯᠸᠢᠰ ᠵᠦᠴᠦᠭᠡ ᠶᠢ ᠮᠠᠨ ᠤ ᠬᠤᠰᠢᠭᠤᠨ ᠳᠤ ᠰᠡᠭᠦᠳᠡᠷᠯᠡᠨ | ᠰᠢᠩᠭᠡᠭᠡᠬᠦ ᠨᠢ ᠰᠢᠯᠢᠳᠡᠭ ᠤᠯᠠᠮᠵᠢᠯᠠᠯᠲᠤ ᠰᠣᠶᠣᠯ ᠪᠠ ᠮᠣᠩᠭᠤᠯ ᠮᠣᠷᠢᠨ ᠤ ᠵᠣᠷᠢᠭ ᠰᠠᠨᠠᠭᠠᠨ ᠤ ᠥᠨᠢᠳᠡ ᠶᠢᠨ ᠷᠢᠳᠢ | ᠰᠢᠳᠢ ᠶᠢ ᠭᠦᠢᠴᠡᠳ ᠬᠠᠷᠠᠭᠤᠯᠵᠦ᠂ᠮᠠᠨ ᠤ ᠬᠤᠰᠢᠭᠤᠨ ᠤ ᠲᠡᠦᠬᠡ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ | ᠠᠰᠢᠭᠯᠠᠵᠤ᠂ ᠬᠤᠪᠢᠰᠬᠠᠯᠳᠣ ᠰᠣᠶᠣᠯ ᠪᠠ ᠰᠢᠯᠢᠳᠡᠭ ᠤᠯᠠᠮᠵᠢᠯᠠᠯᠲᠤ ᠰᠣᠶᠣᠯ ᠢᠶᠠᠷ ᠣᠲᠣ ᠦᠶ᠎ᠡ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠢ ᠲᠦᠯᠬᠢᠨ ᠠᠬᠢᠭᠤᠯᠵᠦ᠂ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠲᠠᠢ | ᠪᠠᠷᠠᠭᠤᠨ ᠦᠵᠦᠮᠦᠴᠢᠨ ᠤ ᠣᠨᠴᠠᠯᠢᠭᠲᠤ ᠨᠠᠷᠠᠲᠤ ᠲᠡᠮᠳᠡᠭ ᠢ ᠨᠡᠷ᠎ᠡ ᠠᠯᠳᠠᠷᠰᠢᠯ ᠢ ᠨᠡᠮᠡᠭᠳᠡᠬᠦᠯᠬᠦ ᠪᠤᠯᠤᠨ᠎ᠠ᠃ | ᠪᠡᠭᠡᠵᠢᠩ ᠬᠤᠲᠠ ᠶᠢᠨ ᠢᠤᠢ ᠵᠢᠩ ᠺᠢᠨᠤ᠋ ᠲᠧᠯᠸᠢᠰ ᠰᠤᠶᠤᠯ ᠤᠨ ᠬᠢᠵᠠᠭᠠᠷᠲᠦ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠼᠣᠣ ᠴᠦᠨ ᠵᠢᠩ— ᠲᠤᠰ ᠲᠧᠯᠸᠢᠰ ᠵᠥᠴᠥᠭᠡ ᠶᠢᠨ ᠦᠯᠢᠭᠡᠷ ᠨᠢ ᠶᠠᠭ ᠮᠠᠨ ᠤ ᠰᠢᠯᠢ ᠶᠢᠨ ᠭᠤᠥᠯ ᠳᠤ | ᠡᠭᠦᠰᠴᠠᠢ᠂ ᠦᠯᠢᠭᠡᠷ ᠶᠠᠪᠤᠳᠠᠯ ᠨᠢ ᠦᠵᠡᠰᠭᠦᠯᠡᠩᠲᠦ ᠲᠠᠯ᠎ᠠ ᠨᠤᠲᠤᠭ᠂ ᠬᠥᠮᠥᠨ ᠮᠣᠷᠢ ᠬᠠᠮᠲᠦ ᠬᠥᠭᠵᠢᠬᠦ᠂ ᠤᠷᠢ ᠵᠠᠯᠠᠭᠤ | ᠨᠠᠰᠤ᠂ ᠮᠤᠩᠭᠤᠯ ᠬᠢᠲᠠᠳ ᠬᠤᠶᠠᠷ ᠦᠨᠳᠦᠰᠦᠲᠡᠨ ᠤ ᠪᠥᠯᠬᠦᠮᠳᠡᠯ ᠵᠡᠷᠭᠡ ᠶᠢ ᠢᠯᠡᠷᠡᠭᠦᠯᠵᠠᠢ᠃ ᠪᠠᠷᠠᠭᠤᠨ ᠦᠵᠦᠮᠦᠴᠢᠨ | ᠬᠤᠰᠢᠭᠤᠨ ᠤ ᠲᠠᠯ᠎ᠠ ᠨᠤᠲᠤᠭ ᠪᠣᠯ ᠮᠢᠨᠦ ᠦᠵᠡᠵᠦ ᠪᠠᠶᠢᠭᠰᠠᠨ ᠬᠠᠮᠤᠭ ᠰᠠᠶᠢᠬᠠᠨ ᠲᠠᠯ᠎ᠠ ᠨᠤᠲᠤᠭ ᠤᠨ ᠨᠢᠭᠡ ᠶᠤᠮ᠂ ᠲᠡᠷᠡ | ᠨᠢ ᠭᠤᠶᠣ ᠰᠠᠶᠢᠬᠠᠨ ᠮᠥᠷᠲᠡᠭᠡᠨ ᠮᠣᠷᠢᠨ ᠰᠤᠶᠤᠯ ᠲᠠᠢ᠂ ᠡᠨᠡ ᠲᠠᠯ᠎ᠠ ᠨᠤᠲᠤᠭ ᠳᠡᠭᠡᠷ᠎ᠡ ᠡᠯᠪᠡᠭ ᠪᠠᠶᠠᠯᠢᠭ ᠦᠯᠢᠭᠡᠷ ᠤᠴᠢᠷ | ᠪᠠᠶᠢᠳᠠᠭ᠃ | ᠪᠠᠷᠠᠭᠤᠨ ᠦᠵᠦᠮᠦᠴᠢᠨ ᠬᠤᠰᠢᠭᠤᠨ ᠤ ᠤᠶᠢᠯᠡᠰ ᠵᠢᠭᠤᠯᠴᠢᠯᠠᠯ ᠤᠨ ᠠᠵᠤ ᠦᠢᠯᠡᠰ ᠭᠦᠭᠵᠢᠬᠦᠯᠤᠯᠳᠠ ᠶᠢᠨ | ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠶᠢᠨ ᠶᠡᠷᠦᠩᠬᠡᠢ ᠳᠠᠭᠠᠭᠠᠮᠠᠯ ᠯᠦ ᠳ᠋ᠦᠩ ᠯᠢᠶᠠᠩ — ᠲᠤᠰ ᠲᠧᠯᠸᠢᠰ ᠵᠥᠴᠥᠭᠡ | ᠨᠢ ᠴᠡᠷᠢᠭ ᠤᠨ ᠭᠦᠯᠦᠭ ᠪᠣᠯᠣᠨ ᠰᠡᠬᠡᠭᠡᠲᠡᠨ ᠢᠶᠠᠷ ᠰᠥᠪᠡᠭᠴᠢ ᠪᠣᠯᠭᠠᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | ᠡᠬᠢᠨ ᠤ ᠦᠶ᠎ᠡ ᠶᠢᠨ ᠲᠠᠯ᠎ᠠ ᠨᠤᠲᠤᠭ ᠲᠤ ᠡᠭᠦᠰᠦᠭᠰᠡᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠠᠢ᠂ ᠠᠳᠡ ᠪᠢᠳᠡ | ᠲᠧᠯᠸᠢᠰ ᠤᠨ ᠠᠵᠢᠯ ᠤᠨ ᠳᠤᠭᠤᠶᠢᠯᠠᠩ ᠤᠨ ᠰᠡᠭᠦᠳᠡᠷᠯᠡᠬᠦ ᠠᠵᠢᠯ ᠲᠤ ᠪᠥᠬᠦ ᠬᠦᠴᠦ ᠪᠠᠷ ᠢᠶᠠᠨ ᠬᠠᠮᠵᠢᠯᠴᠠᠵᠦ᠂ | ᠰᠡᠭᠦᠳᠡᠷᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ |