ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/4/23
    ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠲᠤᠰᠬᠠᠢ ᠰᠡᠳᠦᠪ  ᠢᠶᠠᠷ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠯ᠎ᠠ ᠠᠴᠠ ᠪᠣᠳᠣᠯᠬᠢᠯᠠᠨ᠂ ᠮᠠᠨ ᠤ ᠣᠷᠣᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠠᠶᠢᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ᠂ ᠠᠷᠠᠳ  ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠡᠯ᠎ᠡ ᠲᠠᠯ᠎ᠠ ᠲᠠᠢ ᠬᠤᠯᠪᠣᠭ᠎ᠠ ᠲᠠᠢ ᠢᠨᠵᠧᠨᠧᠷᠢᠩ ᠪᠣᠯᠣᠨ᠎ᠠ᠃ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤᠳᠬᠠᠬᠤ  ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠡᠵᠡᠮᠰᠢᠵᠦ᠂ ᠮᠠᠨ ᠤ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠵᠣᠬᠢᠰᠲᠠᠢ ᠪᠠᠶᠢᠷᠢᠰᠢᠭᠤᠯᠵᠤ᠂ ᠪᠣᠳᠠᠲᠠᠢ ᠠᠷᠭ᠎ᠠ ᠵᠠᠮ ᠪᠣᠯᠣᠨ ᠠᠵᠢᠯ ᠤᠨ ᠭᠠᠷᠳᠠᠴᠠ ᠶᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂  ᠣᠶᠢᠯᠠᠭᠠᠯᠴᠠᠨ ᠵᠣᠯᠭᠠᠭᠤᠯᠬᠤ ᠶᠢ ᠴᠢᠩᠭᠠᠳᠬᠠᠨ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ  ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠤᠯᠤᠰ ᠤᠨ ᠴᠢᠬᠤᠯᠠ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ᠂ ᠳᠡᠭᠡᠳᠦ ᠱᠠᠲᠤᠨ ᠠᠴᠠ ᠣᠯᠭᠤᠭᠰᠠᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠳᠤ ᠠᠩᠬᠠᠷᠤᠯ  ᠢᠶᠠᠨ ᠲᠥᠪᠯᠡᠷᠡᠭᠦᠯᠵᠦ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠵᠡᠷᠭᠡ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠪᠡᠯᠡ ᠮᠥᠩᠭᠦᠨ ᠤ ᠳᠡᠮᠵᠢᠯᠭᠡ ᠪᠠ ᠲᠠᠪᠴᠠᠩ ᠤᠨ ᠲᠤᠯᠭᠠᠭᠤᠷᠢᠯᠠᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠤᠷᠳᠤᠴᠠ ᠶᠢ ᠠᠩᠬᠠᠷᠤᠨ᠂ ᠡᠷᠲᠡ ᠠᠴᠠ ᠰᠠᠶᠢᠲᠤᠷ ᠠᠵᠢᠯᠯᠠᠬᠤ ᠵᠠᠷᠴᠢᠮ ᠢ ᠪᠠᠷᠢᠮᠲᠠᠯᠠᠨ᠂ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠡᠳᠬᠢᠭᠦᠢ ᠶᠢᠨ ᠲᠠᠯ᠎ᠠ ᠪᠠᠷ ᠰᠢᠨ᠎ᠡ ᠶᠢ ᠡᠭᠦᠳᠦᠨ᠂ ᠠᠵᠢᠯᠲᠠᠨ ᠤ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠭᠡᠷᠡᠯ  ᠴᠠᠬᠢᠯᠭᠠᠨ ᠢᠶᠠᠷ ᠡᠯᠡᠰᠦ ᠶᠢ ᠵᠠᠰᠠᠬᠤ ᠲᠦᠷᠦᠯ ᠵᠦᠢᠯ ᠢ ᠣᠨᠣᠪᠴᠢᠲᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠵᠠᠰᠠᠯᠲᠠ ᠪᠣᠯᠣᠨ ᠡᠨᠧᠷᠭᠢ ᠶᠢᠨ ᠠᠵᠤ ᠠᠬᠤᠢ ᠶᠢᠨ ᠬᠤᠣᠰ ᠠᠰᠢᠭ ᠢ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ  ᠤᠨ ᠦᠵᠦᠮᠦᠴᠢᠨ ᠡᠯᠡᠰᠦ ᠶᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠬᠦᠴᠦᠯᠡᠨ ᠣᠯᠬᠤ ᠬᠡᠷᠡᠭᠲᠡᠢ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ 12345 ᠦᠢᠯᠡᠴᠢᠯᠡᠭᠡᠨ ᠤ ᠤᠲᠠᠰᠤ ᠲᠠᠢ ᠬᠠᠷᠢᠯᠴᠠᠨ ᠬᠤᠯᠪᠣᠭᠠᠯᠠᠬᠤ ᠶᠢ ᠴᠢᠩᠭᠠᠳᠬᠠᠨ᠂ ᠣᠯᠠᠨ ᠲᠦᠮᠡᠨ ᠤ ᠲᠤᠰᠬᠠᠭᠰᠠᠨ ᠪᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠥᠷᠥᠯ ᠤᠨ ᠳᠤᠯᠠᠭᠠᠯᠠᠭ᠎ᠠ ᠶᠢᠨ ᠠᠰᠠᠭᠤᠳᠠᠯ ᠢ ᠬᠢᠨᠠᠮᠠᠭᠠᠢ ᠵᠠᠳᠠᠯᠵᠤ᠂ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠵᠢᠭᠰᠠᠭᠠᠨ ᠪᠠᠶᠢᠴᠠᠭᠠᠵᠤ ᠵᠠᠰᠠᠬᠤ᠂ ᠳᠤᠯᠠᠭᠠᠯᠠᠭ᠎ᠠ ᠶᠢ ᠲᠥᠪᠯᠡᠷᠡᠩᠭᠦᠢ ᠬᠠᠩᠭᠠᠬᠤ ᠵᠡᠷᠭᠡ ᠠᠵᠢᠯ ᠤᠨ ᠲᠠᠯ᠎ᠠ ᠪᠠᠷ ᠦᠷᠭᠦᠯᠵᠢᠯᠡᠨ  ᠬᠦᠴᠦ ᠲᠠᠯᠪᠢᠵᠤ᠂ ᠵᠤᠨ ᠢ ᠠᠮᠵᠢᠨ ᠵᠠᠰᠠᠬᠤ᠂ ᠦᠨᠳᠦᠰᠦᠨ ᠠᠴᠠ ᠨᠢ ᠵᠠᠰᠠᠬᠤ ᠶᠢ ᠪᠡᠶᠡᠯᠡᠭᠦᠯᠬᠦ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ  ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠵᠡᠷᠭᠡ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠠᠵᠢᠯ ᠤᠨ ᠰᠡᠳᠬᠢᠭᠦᠢ ᠪᠠᠨ ᠰᠢᠨᠡᠴᠢᠯᠡᠨ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠮᠠᠨ ᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ᠂ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠣᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠡᠷᠭᠡ ᠲᠠᠯ᠎ᠠ ᠶᠢᠨ ᠣᠳᠣᠬᠢ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ ᠤᠨ ᠰᠠᠭᠤᠷᠢ ᠪᠠ ᠠᠵᠤ ᠦᠢᠯᠡᠰ ᠤᠨ ᠬᠡᠯᠬᠢᠶ᠎ᠡ ᠲᠠᠢ ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠨᠢᠭᠡᠳᠬᠡᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠣᠶᠣᠨᠴᠢᠯᠠᠭᠰᠠᠨ ᠠᠭᠤᠷᠬᠠᠢ᠂ ᠨᠡᠭᠦᠷᠡᠰᠦ ᠴᠠᠬᠢᠯᠭᠠᠨ ᠵᠡᠷᠭᠡ ᠬᠦᠷᠢᠶ᠎ᠡ ᠬᠡᠪᠴᠢᠶᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠴᠢᠭᠯᠡᠯ ᠢ ᠡᠷᠢᠵᠦ᠂ ᠴᠥᠬᠡᠨ ᠢᠶᠠᠷ ᠣᠯᠠᠨ ᠢ ᠳᠠᠶᠢᠴᠢᠯᠠᠨ᠂ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢᠶᠠᠷ ᠠᠵᠠ ᠲᠣᠬᠢᠶᠠᠯ ᠪᠣᠯᠭᠠᠵᠤ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠠᠰ ᠳᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠮᠠᠨ ᠤ ᠬᠤᠰᠢᠭᠤᠨ ᠤ ᠠᠵᠤ ᠦᠢᠯᠡᠰ ᠤᠨ ᠰᠠᠭᠤᠷᠢ ᠪᠠ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号