︽ᠲᠠᠪᠤᠨ ᠶᠡᠭᠡ ᠡᠭᠦᠷᠭᠡ︾ ᠶᠢ ᠠᠬᠢᠭᠤᠯᠵᠤ ᠠᠮᠵᠢᠯᠲᠠ ᠪᠦᠲᠦᠮᠵᠢ ᠣᠯᠣᠨ᠎ᠠ      ᠶᠡᠷᠦᠩᠬᠡᠢ ᠪᠡᠯᠡ ᠣᠷᠣᠭᠤᠯᠤᠯᠲᠠ 61.2 ᠳ᠋ᠦᠩᠰᠢᠭᠤᠷ ᠲᠥᠭᠦᠷᠢᠭ︕  ᠰᠤ᠋ ᠨᠧᠩ ᠪᠠᠶᠠᠨᠬᠤᠸᠠ 2X66 ᠲᠦᠮᠡᠨ ᠺᠢᠯᠣᠸᠠᠲ ᠤᠨ ᠴᠠᠬᠢᠯᠭᠠᠨ ‍ᠤ‌ᠦᠢᠯᠡᠳᠪᠦᠷᠢ ᠶᠢᠨ ᠲᠥᠷᠥᠯ ᠵᠦᠢᠯ ᠨᠢ ᠴᠢᠨᠠᠷ ᠰᠠᠶᠢᠲᠠᠢ ᠪᠦᠲᠦᠭᠡᠨ  ᠪᠠᠶᠢᠭᠤᠯᠤᠯᠲᠠ ᠶᠢᠨ ᠳᠤᠮᠳᠠ
ᠨᠡᠶᠢᠲᠡᠯᠡᠭᠰᠡᠨ ᠴᠠᠭ᠄
2024/4/23
    4 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠰᠤ᠋ ᠨᠧᠩ ᠪᠠᠶᠠᠨᠬᠤᠸᠠ 2X66 ᠲᠦᠮᠡᠨ ᠺᠢᠯᠣᠸᠠᠲ ᠤᠨ ᠴᠠᠬᠢᠯᠭᠠᠨ ᠤ ᠦᠢᠯᠡᠳᠪᠦᠷᠢ ᠳᠤ ᠬᠦᠷᠴᠦ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠶᠠᠭᠠᠷᠠᠯᠲᠠᠢ ᠪᠠᠶᠢᠳᠠᠯ ᠢ ᠣᠯᠵᠤ ᠬᠠᠷᠠᠪᠠ᠂ ᠥᠪᠡᠷᠲᠡᠭᠡᠨ ᠪᠠᠭᠤᠯᠭᠠᠬᠤ ᠲᠡᠷᠭᠡ᠂ ᠮᠠᠯᠲᠠᠭᠤᠷ ᠮᠠᠰᠢᠨ᠂ ᠠᠴᠢᠶᠠᠨ ᠤ ᠮᠠᠰᠢᠨ ᠵᠡᠷᠭᠡ ᠵᠠᠭᠤ ᠠᠷᠪᠠᠨ ᠮᠠᠰᠢᠨ ᠲᠥᠬᠦᠭᠡᠷᠦᠮᠵᠢ ᠰᠦᠯᠵᠢᠯᠳᠦᠵᠦ᠂ ᠪᠠᠷᠢᠯᠭ᠎ᠠ ᠶᠢᠨ ᠠᠵᠢᠯᠲᠠᠳ ᠶᠠᠭ ᠨᠢᠭᠡᠳᠦᠭᠡᠷ᠂ ᠬᠤᠶᠠᠳᠤᠭᠠᠷ ᠮᠠᠰᠢᠨ ᠴᠣᠭᠴᠠᠯᠠᠪᠤᠷᠢ᠂ ᠲᠦᠯᠡᠰᠢ ᠶᠢᠨ ᠭᠡᠷ᠂ ᠬᠦᠢᠲᠡᠨ ᠰᠤᠪᠤᠷᠭ᠎ᠠ ᠶᠢᠨ ᠰᠠᠭᠤᠷᠢ ᠮᠠᠯᠲᠠᠯᠲᠠ ᠵᠡᠷᠭᠡ ᠠᠵᠢᠯ ᠢ ᠥᠷᠨᠢᠭᠦᠯᠵᠦ ᠪᠠᠶᠢᠯ᠎ᠠ᠃     ᠣᠶᠢᠯᠠᠭᠠᠭᠰᠠᠨ ᠢᠶᠠᠷ᠂ ᠰᠤ᠋ ᠨᠧᠩ ᠪᠠᠶᠠᠨᠬᠤᠸᠠ ᠴᠠᠬᠢᠯᠭᠠᠨ ᠦᠢᠯᠡᠳᠪᠦᠷᠢ ᠶᠢᠨ 2X66 ᠲᠦᠮᠡᠨ ᠺᠢᠯᠣᠸᠠᠲ ᠤᠨ ᠲᠥᠷᠥᠯ ᠵᠦᠢᠯ ᠪᠣᠯ ᠵᠢᠶᠠᠩᠰᠦ᠂ ᠥᠪᠦᠷ ᠮᠣᠩᠭᠤᠯ ᠬᠤᠶᠠᠷ ᠮᠤᠵᠢ ᠶᠢᠨ ᠴᠢᠬᠤᠯᠠ ᠶᠡᠭᠡ ᠡᠨᠧᠷᠭᠢ ᠶᠢᠨ ᠲᠥᠷᠥᠯ ᠤᠨ ᠬᠠᠮᠲᠤᠷᠠᠯᠴᠠᠭᠠᠨ ᠤ ᠲᠥᠷᠥᠯ ᠵᠦᠢᠯ ᠪᠠᠶᠢᠵᠤ᠂ ︽ᠰᠢᠯᠢ ᠶᠢᠨ ᠭᠤᠣᠯ ᠠᠶᠢᠮᠠᠭ ᠠᠴᠠ ᠳᠠᠶᠢᠵᠸᠦ ᠬᠦᠷᠬᠦ︾ +800KV ᠲᠣᠭᠲᠠᠮᠠᠯ ᠭᠦᠶᠦᠳᠡᠯᠲᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠤᠨ ᠴᠠᠬᠢᠯᠭᠠᠨ ᠡᠭᠦᠰᠬᠡᠭᠴᠢ ᠶᠢᠨ ᠴᠡᠭ ᠪᠣᠯᠤᠭᠰᠠᠨ ᠤ ᠬᠤᠪᠢ ᠳᠤ᠂ ︽ᠥᠪᠦᠷ ᠮᠣᠩᠭᠤᠯ ᠤᠨ ᠴᠠᠬᠢᠯᠭᠠᠨ ᠢ ᠵᠢᠶᠠᠩᠰᠦ ᠳᠤ ᠬᠦᠷᠭᠡᠬᠦ︾ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠰᠢᠯᠢ ᠶᠢᠨ ᠭᠤᠣᠯ ᠠᠶᠢᠮᠠᠭ ᠤᠨ ᠰᠤ᠋ ᠨᠧᠩ ᠪᠠᠶᠠᠨᠬᠤᠸᠠ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠪᠡᠯᠡ ᠣᠷᠣᠭᠤᠯᠤᠯᠲᠠ ᠨᠢ 61.25 ᠳ᠋ᠦᠩᠰᠢᠭᠤᠷ ᠲᠥᠭᠦᠷᠢᠭ ᠪᠠᠶᠢᠵᠤ᠂ 66 ᠲᠦᠮᠡᠨ ᠺᠢᠯᠣᠸᠠᠲ ᠤᠨ ᠥᠨᠳᠥᠷ ᠦᠷ᠎ᠡ ᠠᠰᠢᠭᠲᠤ ᠬᠡᠲᠦ ᠬᠢᠵᠠᠭᠠᠷ ᠤᠨ ᠹᠠᠰ ᠨᠡᠭᠦᠷᠡᠰᠦ ᠶᠢᠨ ᠳᠠᠮ ᠢᠶᠠᠷ ᠠᠭᠠᠷ ᠢᠶᠠᠷ ᠬᠥᠷᠥᠭᠡᠬᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠬᠤᠶᠠᠷ ᠰᠠᠭᠤᠷᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠦᠬᠦᠷ ᠦᠭᠡᠶᠢᠳᠡᠭᠦᠯᠬᠦ ᠱᠡᠦ ᠦᠭᠡᠶᠢᠳᠡᠭᠦᠯᠬᠦ ᠣᠷᠴᠢᠨ ᠲᠣᠭᠤᠷᠢᠨ ᠢ ᠬᠠᠮᠠᠭᠠᠯᠠᠬᠤ ᠪᠡᠯᠡᠳᠬᠡᠮᠵᠢ᠂ ᠲᠡᠮᠦᠷ ᠵᠠᠮ ᠤᠨ ᠨᠡᠭᠦᠷᠡᠰᠦ ᠳᠠᠮᠵᠢᠭᠤᠯᠬᠤ ᠲᠤᠰᠬᠠᠢ ᠱᠤᠭᠤᠮ ᠢ ᠵᠡᠷᠭᠡ ᠳᠤᠨᠢ ᠪᠦᠲᠦᠭᠡᠨ ᠪᠠᠶᠢᠭᠤᠯᠵᠤ᠂ ᠵᠢᠱᠢᠯᠲᠡ ᠪᠠᠷ ᠨᠢᠭᠡᠳᠦᠭᠡᠷ ᠮᠠᠰᠢᠨ ᠴᠣᠭᠴᠠᠯᠠᠪᠤᠷᠢ ᠶᠢ 2026 ᠣᠨ ᠤ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ᠂ 2027 ᠣᠨ ᠤ ᠳᠡᠭᠡᠷ᠎ᠡ ᠬᠠᠭᠠᠰ ᠵᠢᠯ ᠳᠤ ᠬᠤᠣᠰ ᠣᠷᠣᠭᠤᠯᠤᠯᠲᠠ ᠶᠢ ᠪᠡᠶᠡᠯᠡᠭᠦᠯᠬᠦ ᠪᠠᠷ ᠪᠤᠢ᠃    ᠲᠣᠰ ᠲᠥᠷᠥᠯ ᠵᠦᠢᠯ ᠪᠣᠯ ᠨᠡᠭᠦᠷᠡᠰᠦ ᠴᠠᠬᠢᠯᠭᠠᠨ ᠢ ᠬᠠᠮᠲᠤᠷᠠᠨ ᠡᠵᠡᠩᠨᠡᠬᠦ ᠵᠠᠭᠪᠤᠷ ᠢ ᠬᠡᠷᠡᠭᠯᠡᠨ ᠪᠦᠲᠦᠭᠡᠨ ᠪᠠᠶᠢᠭᠤᠯᠤᠭᠰᠠᠨ ᠲᠣᠮᠣ ᠬᠡᠯᠪᠡᠷᠢ ᠶᠢᠨ ᠠᠭᠤᠷᠬᠠᠢ ᠶᠢᠨ ᠠᠮᠠᠰᠠᠷ ᠤᠨ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠦᠢᠯᠡᠳᠪᠦᠷᠢ ᠪᠣᠯᠣᠨ᠎ᠠ᠃ ᠡᠨᠡ ᠨᠢ ᠤᠯᠤᠰ ᠤᠨ ᠰᠠᠨᠠᠭᠠᠴᠢᠯᠠᠭᠰᠠᠨ ᠠᠭᠤᠷᠬᠠᠢ ᠶᠢᠨ ᠠᠮᠠᠰᠠᠷ ᠤᠨ ᠲᠣᠮᠣ ᠮᠠᠰᠢᠨ ᠴᠣᠭᠴᠠᠯᠠᠪᠤᠷᠢ ᠶᠢ ᠤᠷᠢᠳᠠᠪᠠᠷ ᠪᠦᠲᠦᠭᠡᠨ ᠪᠠᠶᠢᠭᠤᠯᠬᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠡᠨᠧᠷᠭᠢ  ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠮᠥᠨ ᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠬᠠᠮᠢᠶ᠎ᠠ ᠪᠦᠬᠦᠢ ᠦᠢᠯᠡᠳᠬᠦ ᠦᠢᠯᠡᠰ᠂ ᠪᠠᠷᠢᠯᠭ᠎ᠠ ᠶᠢᠨ ᠠᠵᠢᠯ ᠲᠥᠷᠥᠯ᠂ ᠮᠡᠷᠭᠡᠵᠢᠯ ᠤᠨ ᠯᠠᠪᠯᠠᠯᠭ᠎ᠠ ᠶᠢᠨ ᠠᠵᠢᠯ ᠲᠥᠷᠥᠯ ᠤᠨ ᠬᠥᠭᠵᠢᠯᠲᠡ ᠶᠢ ᠳᠠᠶᠢᠴᠢᠯᠠᠬᠤ ᠪᠣᠯᠣᠨ᠎ᠠ᠃       ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠨᠢ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠬᠤ ᠲᠠᠯ᠎ᠠ ᠪᠠᠷ ᠦᠷᠭᠦᠯᠵᠢᠯᠡᠨ ᠪᠣᠭᠤᠮᠲᠠ ᠶᠢ ᠴᠢᠩᠭ᠎ᠠ ᠠᠳᠬᠤᠵᠤ᠂ ᠤᠨᠢᠨ ᠳᠡᠭᠡᠷ᠎ᠡ ᠨᠢ ᠬᠦᠴᠦᠯᠡᠵᠦ᠂ ᠲᠦᠷᠦᠯ ᠵᠦᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠤᠷᠳᠤᠴᠠ ᠪᠠᠨ ᠳᠠᠬᠢᠨ ᠲᠦᠷᠭᠡᠳᠬᠡᠵᠦ᠂ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠡᠬᠢ ᠪᠠᠶᠠᠯᠢᠭ ᠤᠨ ᠬᠦᠴᠦᠨ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠠᠷᠭ᠎ᠠ ᠪᠦᠬᠦᠨ ᠢ ᠰᠦᠪᠡᠭᠴᠢᠯᠡᠨ ᠪᠠᠲᠤᠯᠠᠵᠤ᠂ ᠲᠥᠷᠥᠯ ᠵᠦᠢᠯ ᠤᠨ ᠠᠵᠢᠯ ᠡᠬᠢᠯᠡᠬᠦ ᠨᠣᠷᠮ᠎ᠠ᠂ ᠪᠡᠯᠡ ᠣᠷᠣᠭᠤᠯᠤᠯᠲᠠ ᠶᠢᠨ ᠨᠣᠷᠮ᠎ᠠ᠂ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠳᠠᠬᠢᠨᠲᠠ ᠬᠦᠴᠦ ᠨᠡᠮᠡᠵᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ᠂ ᠣᠨᠴᠠᠯᠢᠭᠲᠤ ᠠᠵᠤ ᠦᠢᠯᠡᠰ ᠤᠨ ᠰᠦᠷᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠦᠴᠦᠯᠡᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠥᠬᠦ ᠶᠠᠪᠤᠴᠠ ᠶᠢ ᠳᠠᠭᠠᠵᠣ᠂ ᠡᠵᠡᠩᠨᠡᠯᠲᠡ ᠶᠢᠨ ᠣᠷᠴᠢᠨ ᠲᠣᠭᠤᠷᠢᠨ ᠤ ᠲᠠᠯ᠎ᠠ ᠪᠠᠷ ᠳᠠᠬᠢᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠬᠦᠴᠦᠯᠡᠨ ᠨᠠᠪᠲᠠᠷᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠪᠠᠨ ᠨᠡᠮᠡᠭᠳᠡᠭᠦᠯᠬᠦ︾ ᠳᠤ ᠬᠦᠴᠦ ᠨᠡᠮᠡᠷᠢᠯᠡᠬᠦ ᠪᠠᠷ ᠪᠤᠢ᠃ᠰᠣ᠋ ᠨᠧᠩ ᠪᠠᠶᠠᠨᠬᠤᠸᠠ ᠴᠠᠬᠢᠯᠭᠠᠨ ᠭᠠᠷᠭᠠᠬᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠵᠧᠩ ᠵᠢᠶᠦ᠋ᠨ    — ᠲᠦᠷᠦᠯ ᠵᠦᠢᠯ ᠢ 2023 ᠣᠨ ᠤ 4 ᠰᠠᠷ᠎ᠠ ᠳᠤ ᠡᠬᠢᠯᠡᠨ ᠪᠦᠲᠦᠭᠡᠨ ᠪᠠᠶᠢᠭᠤᠯᠵᠤ᠂ 2026 ᠣᠨ  ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 61.2 ᠳ᠋ᠦᠩᠰᠢᠭᠤᠷ ᠲᠥᠭᠦᠷᠢᠭ ᠲᠤ ᠬᠦᠷᠴᠦ᠂ 2024 ᠣᠨ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠪᠡ︔ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 66 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠦᠢᠯᠡᠳᠬᠦᠨ ᠤ ᠥᠷᠲᠡᠭ ᠨᠢ ᠪᠠᠷᠤᠭ 20 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠶᠢᠨ ᠳᠡᠭᠡᠭᠰᠢ ᠲᠤᠰᠢᠶᠠᠬᠤ ᠠᠰᠢᠭ ᠭᠠᠶᠢᠯᠢ ᠨᠢ 3 ᠳ᠋ᠦᠩᠰᠢᠭᠤᠷ ᠲᠥᠭᠦᠷᠢᠭ ᠲᠤ ᠬᠦᠷᠴᠦ᠂ 1000 ᠭᠠᠷᠤᠢ ᠬᠥᠮᠥᠨ ᠤ ᠠᠵᠢᠯ ᠣᠯᠭᠤᠯᠲᠠ ᠶᠢ ᠠᠬᠢᠭᠤᠯᠵᠤ ᠪᠣᠯᠣᠨ᠎ᠠ︔ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠢᠯᠢ ᠶᠢᠨ ᠭᠤᠣᠯ ᠠᠶᠢᠮᠠᠭ ︱ ᠳᠠᠶᠢᠵᠸᠦ ᠶᠢᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠵᠠᠮ ᠤᠨ ᠴᠠᠬᠢᠯᠭᠠᠨ ᠬᠦᠷᠭᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠶᠠᠩᠰᠤ ᠶᠢᠨ ᠴᠠᠬᠢᠯᠭᠠᠨ ᠤ ᠲᠣᠣᠷ ᠤᠨ ᠳᠠᠭᠠᠭᠠᠴᠠ ᠶᠢᠨ ᠨᠡᠮᠡᠭᠳᠡᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠥᠪᠥᠷ ᠮᠣᠩᠭᠤᠯ ᠤᠨ ᠡᠨᠧᠷᠭᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠮᠤᠵᠢ ᠣᠷᠣᠨ ᠤ ᠬᠤᠭᠤᠷᠣᠨᠳᠣᠬᠢ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠳᠤ ᠠᠰᠢᠭᠲᠠᠢ ᠶᠤᠮ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ‍ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号