ᠠᠮᠵᠢᠯᠲᠠ ᠬᠤᠷᠤᠶᠢᠯᠠᠭᠰᠠᠨ ᠠᠵᠠ ᠲᠠᠢ ᠲᠡᠮᠡᠴᠡᠬᠡᠨ
ᠨᠡᠶᠢᠲᠡᠯᠡᠭᠰᠡᠨ ᠴᠠᠭ᠄
2024/4/23
      ᠣᠶᠢᠷ᠎ᠠ ᠶᠢᠨ ᠬᠤᠭᠤᠴᠠᠭᠠᠨ ᠳᠤ᠂ ᠰᠢᠯᠢᠩᠬᠤᠲᠠ ᠳᠤ ᠶᠠᠪᠤᠭᠳᠠᠭᠰᠠᠨ 2024 ᠣᠨ ᠤ ᠰᠢᠯᠢ ᠶᠢᠨ ᠭᠤᠣᠯ ᠠᠶᠢᠮᠠᠭ ᠤᠨ ︽ᠠᠶᠢᠮᠠᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠦᠯᠦᠭᠡᠯᠡᠭᠴᠢ ᠶᠢᠨ ᠪᠠᠭ ᠤᠨ ᠡᠮᠡᠭᠲᠡᠢ ᠶᠢᠨ ᠳᠤᠭᠤᠶᠢᠯᠠᠩ ᠮᠠᠩᠯᠠᠶᠢᠯᠠᠵᠤ᠂ ᠡᠷᠡᠭᠲᠡᠢ ᠶᠢᠨ ᠳᠤᠭᠤᠶᠢᠯᠠᠩ ᠳᠡᠳ᠋ᠯᠡᠭᠰᠡᠨ ᠰᠢᠯᠢᠳᠡᠭ ᠬᠢᠷᠢ ᠪᠦᠲᠦᠮᠵᠢ ᠶᠢ ᠡᠬᠦᠳᠬᠦ ᠶᠢᠨ ᠵᠡᠷᠬᠡᠪᠡᠷ ᠪᠥᠬᠦ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠬᠠᠮᠤᠭ ᠰᠠᠶᠢᠨ ᠵᠢᠭᠰᠠᠭᠠᠯ︾ ᠤᠨ ᠢᠷᠠᠭᠤ ᠠᠯᠳᠠᠷ ᠢ  ᠬᠦᠷᠳᠡᠭᠰᠡᠨ  ᠬᠠᠯᠠᠭᠤᠨ ᠴᠢᠮᠡᠭᠡ ᠲᠤᠭᠤᠯᠳᠠᠯ᠎ᠠ᠃
     ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠶ ᠳᠤ ᠬᠦᠷᠬᠦ ᠳᠤ᠂ ᠡᠷᠡᠭᠲᠡᠢ ᠡᠮᠡᠭᠲᠡᠢ ᠬᠦᠯ ᠪᠦᠮᠪᠦᠭᠡ ᠶᠢᠨ ᠪᠠᠭ ᠤᠨ ᠬᠢᠨ ᠰᠤᠷᠭᠠᠭᠴᠢ ᠶᠢᠨ ᠢᠶᠠᠨ ᠱᠠᠭᠠᠷᠳᠠᠯᠭ᠎ᠠ ᠪᠠᠷ ᠪᠡᠯᠡᠳᠬᠡᠯ ᠪᠤᠯᠪᠠᠰᠤᠷᠠᠯ  ᠬᠢᠬᠦ ᠶᠢᠨ ᠲᠠᠭᠠᠤ ᠲᠠᠮᠢᠷᠴᠢᠳ ᠤᠨ ᠪᠡᠶ᠎ᠡ ᠮᠠᠬᠠᠪᠤᠳ ᠤᠨ ᠤᠶᠠᠨ ᠬᠠᠳᠠᠨ ᠴᠢᠨᠠᠷ᠂ ᠵᠣᠬᠢᠴᠠᠯᠳᠤ ᠴᠢᠨᠠᠷ ᠪᠠ ᠬᠤᠷᠳᠤᠴᠠ ᠶᠢ ᠡᠷᠴᠢᠮᠳᠠᠢ ᠪᠣᠯᠪᠠᠰᠤᠷᠠᠭᠤᠯᠵᠤ᠂ ᠲᠡᠳᠡᠨ ᠤ ᠬᠥᠯ ᠪᠥᠮᠪᠥᠭᠡᠨ ᠳᠤ ᠬᠠᠶᠢᠷᠠᠲᠠᠢ᠂ ᠴᠤᠭ ᠵᠢᠪᠬᠤᠭᠠᠯᠢᠭ᠂ ᠪᠦᠯᠬᠦᠮᠳᠡᠯ ᠲᠠᠢ᠂ ᠬᠦᠴᠦᠨ ᠴᠢᠳᠠᠯ ᠪᠠ ᠢᠳᠡᠭᠡᠯ ᠵᠤᠷᠢᠭ ᠲᠡᠬᠦᠯᠲᠡᠷ  ᠂ ᠦᠭᠡᠳᠡᠷᠭᠡᠭ ᠪᠠᠶᠢᠳᠠᠯ ᠨᠢ ᠤᠷᠤᠰᠬᠠᠭᠰᠠᠨ ᠬᠦᠯᠦᠰᠦ ᠪᠤᠯᠤᠨ ᠨᠢᠭᠤᠷ ᠲᠦᠭᠦᠷᠡᠩ ᠢᠨᠢᠶᠡᠲᠦ ᠬᠦᠷ ᠪᠠᠶᠠᠷ ᠪᠠᠭ᠋ᠠᠳᠤᠯ   ᠠᠴᠠ ᠨᠢ ᠲᠤᠳᠤᠬᠠᠨ ᠬᠠᠷᠠᠭᠳᠠᠨ᠎ᠠ᠃
    ︽ᠪᠡᠯᠡᠳᠭᠡᠯ ᠲᠠᠢ ᠪᠤᠯ ᠪᠠᠯᠢᠳᠠᠬᠤ ᠦᠭᠡᠢ︾  ᠬᠡᠳᠡᠭᠴᠢᠯᠡᠨ  ᠂  ᠲᠤᠰ ᠰᠤᠷᠭᠠᠭᠤᠯᠢ ᠶᠢᠨ  ᠡᠷᠡᠭᠳᠠᠢ ᠡᠮᠡᠭᠳᠠᠢ ᠬᠥᠯ ᠪᠥᠮᠪᠦᠭᠡ ᠶᠢᠨ ᠪᠠᠭ ᠨᠢ ᠶᠡᠷᠦ ᠶᠢᠨ ᠴᠠᠭ ᠲᠠᠭᠠᠨ ᠬᠢᠴᠢᠶᠡᠯ ᠤᠨ ᠭᠠᠳᠠᠨᠠᠬᠢ ᠴᠠᠭ ᠢᠶᠠᠨ ᠠᠰᠢᠭᠯᠠᠨ ᠡᠷᠲᠡ ᠣᠷᠣᠢ ᠬᠤᠶᠠᠷ ᠤᠳᠠᠭᠠᠨ ᠤ ᠪᠣᠯᠪᠠᠰᠤᠷᠠᠯ   ᠢ ᠠᠮᠵᠢᠭᠤᠯᠵᠤ᠂ ᠭᠤᠤᠯᠳᠠᠭᠤ ᠬᠦᠴᠦᠨ ᠤ ᠪᠣᠯᠪᠠᠰᠤᠷᠠᠯ ᠪᠠ ᠮᠡᠷᠭᠡᠵᠢᠯ  ᠤᠨ ᠪᠣᠯᠪᠠᠰᠤᠷᠠᠯ ᠬᠢᠵᠦ᠂ ᠬᠢᠴᠢᠶᠡᠯ ᠰᠤᠷᠤᠯᠭ᠎ᠠ ᠶᠢᠨ ᠢᠶᠠᠨ ᠴᠠᠭ ᠵᠠᠪ ᠢ ᠠᠰᠢᠭᠯᠠᠨ᠂ ᠴᠢᠩᠭ᠎ᠠ ᠬᠠᠳᠠᠭᠤᠵᠢᠯᠳᠠᠢ ᠰᠤᠷᠢᠭ᠎ᠠ ᠪᠤᠯᠪᠠᠰᠤᠷᠠᠯ ᠢᠶᠠᠷ ᠲᠠᠮᠵᠢᠨ᠂ ᠰᠤᠷᠤᠭᠴᠢᠳ ᠤᠨ ᠪᠡᠶ᠎ᠡ ᠮᠠᠬᠠᠪᠤᠳ ᠢ ᠲᠠᠪᠳᠠᠨ ᠪᠤᠯᠪᠠᠰᠤᠷᠠᠭᠤᠯᠵᠤ᠂ ᠬᠦᠯ ᠪᠦᠮᠪᠦᠬᠡᠨ ᠤ ᠵᠤᠷᠢᠭ ᠰᠠᠨᠠᠭ᠎ᠠ ᠶᠢ  ᠪᠠᠳᠠᠷᠠᠭᠤᠯᠤᠨ᠂ ᠤᠷᠤᠯᠳᠤᠭᠠᠨ ᠲᠡᠮᠡᠴᠡᠬᠡᠨ ᠳᠤ ᠨᠡᠩ ᠰᠠᠶᠢᠨ ᠬᠢᠷᠢ ᠪᠦᠳᠦᠮᠵᠢ ᠡᠬᠦᠳᠬᠦ ᠢᠶᠠᠷ ᠴᠢᠷᠮᠠᠶᠢᠨ᠎ᠠ᠃
 
    ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠬᠥᠭᠵᠢᠭᠦᠯᠵᠦ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠳᠤ ᠪᠤᠳᠠᠳᠤ ᠬᠦᠴᠦᠨ ᠨᠡᠮᠡᠷᠢᠯᠡᠵᠦ᠂ ᠰᠤᠷᠤᠭᠴᠢᠳ ᠤᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠪᠡᠶ᠎ᠡ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠨᠡᠮᠡᠭᠳᠡᠭᠦᠯᠵᠦ᠂ ᠰᠤᠷᠤᠭᠴᠢᠳ ᠤᠨ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ  ᠢᠯᠡᠷᠡᠬᠦᠯᠬᠦ ᠶᠢᠨ ᠬᠠᠮᠳᠤ ᠬᠥᠯ ᠪᠥᠮᠪᠦᠭᠡ ᠶᠢᠨ ᠬᠥᠳᠡᠯᠭᠡᠭᠡᠨ ᠢ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠴᠢᠬᠤᠯᠠ ᠪᠦᠷᠢᠯᠳᠦᠭᠦᠨ ᠬᠡᠰᠡᠭ ᠪᠣᠯᠭᠠᠵᠤ᠂ 2023 ᠣᠨ ᠳᠤ ︽ᠲᠠᠯ᠎ᠠ ᠨᠤᠲᠤᠭ ᠤᠨ 99 ᠨᠣᠮᠧᠷᠲᠤ ᠵᠠᠰᠠᠮᠠᠯ ᠵᠠᠮ ᠤᠨ ᠬᠤᠨᠳᠠᠭᠠᠲᠤ︾ ᠪᠦᠬᠦ ᠤᠯᠤᠰ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠠᠮᠵᠢᠯᠲᠠᠲᠠᠢ ᠡᠷᠭᠢᠯᠡᠵᠦ᠂ ᠡᠭᠦᠨ ᠳᠤ 2003 ᠣᠨ ᠳᠤ ᠪᠠᠶᠢᠭᠤᠯᠤᠭᠳᠠᠭᠰᠠᠨ ᠪᠠᠷᠠᠭᠤᠨ ᠦᠵᠦᠮᠦᠴᠢᠨ ᠬᠤᠰᠢᠭᠤᠨ ᠤ ︽ᠲᠦᠯᠦ︾ ᠬᠥᠯ ᠪᠥᠮᠪᠦᠭᠡ ᠶᠢᠨ ᠺᠯᠦ᠋ᠪ ᠪᠣᠯ ᠳᠠᠷᠤᠢ ᠲᠥᠯᠥᠭᠡᠯᠡᠬᠦ ᠴᠢᠨᠠᠷᠲᠠᠢ ᠬᠥᠯ ᠪᠥᠮᠪᠦᠭᠡ ᠶᠢᠨ ᠺᠯᠦ᠋ᠪ ᠪᠣᠯᠣᠨ᠎ᠠ᠂ ᠥᠩᠭᠡᠷᠡᠭᠰᠡᠨ 20 ᠵᠢᠯ ᠳᠤ ᠲᠣᠰ ᠺᠯᠦ᠋ᠪ ᠮᠠᠰᠢ ᠣᠯᠠᠨ ᠤᠷᠤᠯᠳᠤᠭᠠᠨ ᠲᠡᠮᠡᠴᠡᠭᠡᠨ ᠳᠤ  ᠤᠷᠤᠶᠢᠯᠠᠵᠤ᠂ 2021 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠳᠤ ᠥᠪᠥᠷ ᠮᠣᠩᠭᠤᠯ ᠤᠨ ᠠᠩᠭᠢ ᠶᠢ ᠲᠥᠯᠥᠭᠡᠯᠡᠨ ᠣᠯᠠᠨ ᠲᠦᠮᠡᠨ ᠤ ᠲᠠᠪᠤᠨ ᠬᠥᠮᠥᠨ ᠤ ᠳᠦᠷᠢᠮᠲᠦ ᠬᠥᠳᠡᠭᠡ ᠲᠣᠰᠬᠤᠨ ᠤ ᠰᠢᠶᠠᠩ ᠪᠠᠯᠭᠠᠰᠤᠨ ᠤ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠭᠰᠠᠨ ᠪᠥᠭᠡᠳ ᠠᠯᠲᠠᠨ ᠮᠧᠳᠠᠯ ᠬᠦᠷᠳᠡᠨ ᠨᠤᠳᠤᠭ ᠤᠷᠤᠨ ᠤ ᠪᠠᠨ ᠠᠯᠳᠠᠷ ᠢ ᠡᠷᠬᠦᠭᠰᠡᠨ ᠶᠤᠮ᠃ ᠢᠯᠠᠩᠭᠤᠶ᠎ᠠ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠥᠭᠡᠨ ᠤ ᠣᠷᠳᠣᠨ ᠪᠠᠶᠢᠭᠤᠯᠤᠭᠳᠠᠭᠰᠠᠨ ᠨᠢ ᠪᠥᠬᠦ ᠬᠤᠰᠢᠭᠤᠨ ᠳᠤ ᠭᠡᠷ ᠳᠣᠲᠣᠷᠠᠬᠢ ᠬᠥᠯ ᠪᠥᠮᠪᠥᠭᠡᠨ ᠤ ᠲᠠᠯᠠᠪᠤᠷ ᠦᠭᠡᠢ ᠬᠤᠭᠤᠰᠤᠨ ᠢ ᠨᠥᠬᠦᠪᠦᠷᠢᠯᠡᠭᠰᠡᠨ ᠢᠶᠠᠷ ᠪᠠᠷᠠᠬᠤ ᠦᠭᠡᠢ᠂ ᠥᠷᠭᠡᠨ ᠣᠯᠠᠨ ᠬᠥᠯ ᠪᠥᠮᠪᠥᠭᠡᠨ ᠳᠤ ᠪᠠᠭ᠋ᠠᠲᠠᠢ ᠬᠥᠮᠥᠰ ᠲᠤ  ᠲᠠᠭᠠᠯᠠᠮᠵᠢᠲᠠᠢ ᠪᠤᠯᠪᠠᠰᠤᠷᠠᠯ ᠤᠨ ᠣᠷᠴᠢᠨ ᠲᠣᠭᠤᠷᠢᠨ ᠢ ᠬᠠᠩᠭᠠᠨ ᠥᠭᠴᠦ᠂ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠥᠭᠡᠨ ᠤ ᠦᠢᠯᠡᠰ  ᠤᠨ ᠬᠥᠭᠵᠢᠯᠲᠡ ᠶᠢ ᠪᠥᠬᠦ ᠲᠠᠯ᠎ᠠ ᠪᠠᠷ  ᠠᠬᠢᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号