ᠦᠨᠳᠦᠰᠦᠨ ᠱᠠᠲᠤᠨ ᠤ ᠡᠩᠭᠡ ᠶᠢᠨ ᠮᠠᠨᠠᠭᠠᠴᠢ — ᠪᠦᠦ ᠵᠢᠶᠠᠨ ᠴᠢᠤᠸᠠᠨ
ᠨᠡᠶᠢᠲᠡᠯᠡᠭᠰᠡᠨ ᠴᠠᠭ᠄
2024/4/23
     ᠤᠷᠴᠢᠮᠬᠠᠨ 2023 ᠣᠨ ᠤ ᠭᠤᠷᠪᠠᠳᠤᠭᠠᠷ ᠤᠯᠠᠷᠢᠯ᠂ ᠳᠥᠷᠪᠡᠳᠦᠭᠡᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠡᠮᠴᠢ︾᠂ ︽ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢᠨ ᠲᠤᠬᠠᠢ ᠶᠢᠨ ᠲᠠᠯᠠᠪᠤᠷ ᠤᠨ ᠰᠣᠯᠢᠯᠴᠠᠭᠠᠨ ᠤ ᠠᠵᠢᠯᠯᠠᠭ᠎ᠠ ᠬᠥᠯᠥᠨ ᠪᠤᠶᠢᠷ ᠬᠤᠲᠠ ᠳᠤ ᠶᠠᠪᠤᠭᠳᠠᠵᠤ᠂ ᠪᠠᠷᠠᠭᠤᠨ ᠦᠵᠦᠮᠦᠴᠢᠨ ᠬᠤᠰᠢᠭᠤᠨ ᠤ  ᠪᠠᠶᠠᠠᠬᠤᠰᠢᠭᠤ  ᠰᠤᠮᠤᠨ  ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠦᠦ ᠵᠢᠶᠠᠨ ᠴᠢᠤᠸᠠᠨ ᠡᠮᠴᠢ ︽ᠥᠪᠥᠷ ᠮᠣᠩᠭᠤᠯ ᠤᠨ ᠰᠠᠶᠢᠨ ᠡᠮᠴᠢ︾ ᠶᠢᠨ ᠢᠷᠠᠭᠤ ᠠᠯᠳᠠᠷ ᠢ  ᠬᠦᠷᠳᠡᠭᠰᠡᠨ ᠬᠠᠯᠠᠭᠤᠨ ᠴᠢᠮᠡᠭᠡ ᠲᠤᠭᠤᠯᠳᠠᠯ᠎ᠠ᠃     ᠰᠤᠷᠪᠤᠯᠵᠢᠯᠠᠭᠴᠢ ᠪᠠᠶᠠᠠᠬᠤᠰᠢᠭᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠬᠦ ᠳᠤ᠂ ᠪᠦᠦ ᠵᠢᠶᠠᠨ ᠴᠢᠤᠸᠠᠨ ᠡᠮᠴᠢ ᠡᠪᠡᠳᠴᠢᠲᠡᠨ ᠨᠢᠭᠡᠪᠦᠷᠢ ᠶᠢᠨ ᠡᠪᠡᠳᠴᠢᠨ ᠤ ᠪᠠᠶᠢᠳᠠᠯ ᠢ ᠨᠢᠭᠡᠳ ᠨᠢᠭᠡᠳ ᠢᠶᠠᠷ ᠣᠨᠣᠰᠢᠯᠠᠵᠤ᠂ ᠡᠮ ᠤᠨ ᠵᠣᠷ ᠢ ᠨᠠᠷᠢᠨ ᠨᠢᠮᠪᠠᠢ ᠪᠢᠴᠢᠵᠦ ᠦᠭᠭᠦ ᠶᠢᠨ ᠬᠠᠮᠲᠤ ᠪᠠᠰᠠ ᠡᠪᠡᠳᠴᠢᠲᠡᠨ ᠤ  ᠪᠠᠶᠢᠳᠠᠯ   ᠢ ᠨᠠᠷᠢᠨ ᠬᠢᠨᠠᠮᠠᠭᠠᠢ ᠠᠰᠠᠭᠤᠨ ᠯᠠᠪᠯᠠᠵᠤ  ᠪᠠᠶᠢᠬᠤ ᠠᠴᠠ ᠨᠢ ᠲᠡᠬᠦᠨ ᠢ ᠵᠤᠷᠢᠨ ᠢᠷᠡᠳᠡᠭ ︽ᠪᠠᠶᠢᠭᠩᠭᠤ ᠶᠢᠨ ᠵᠤᠴᠢᠨ︾  ᠪᠤᠯᠬᠤ ᠨᠢ ᠭᠠᠳᠠᠷᠯᠠᠭᠳᠠᠵᠤ ᠪᠠᠶᠢᠯ᠎ᠠ᠃     ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠯᠠᠭ᠎ᠠ  ᠰᠤᠮᠤᠨ ᠤ ᠪᠠᠴᠢ  ᠰᠠᠭᠤᠭᠠᠯᠢ ᠲᠤᠭᠤᠷᠢᠭ ᠤᠨ ᠮᠠᠯᠴᠢᠨ ᠬᠠᠰᠳᠤᠶᠠᠭ᠎ᠠ ᠪᠤᠯ ︽ᠪᠠᠶᠢᠩᠭᠤ ᠶᠢᠨ ᠵᠣᠴᠢᠨ︾ ᠤ ᠲᠤᠮᠳᠠᠬᠢ ᠨᠢᠭᠡ ᠨᠢ ᠪᠣᠯᠣᠨ᠎ᠠ᠂  ᠲᠡᠷᠡᠪᠡᠷ ᠤᠳᠠᠭᠠᠨ ᠵᠢᠯ ᠤᠨ ᠰᠢᠩᠭᠡᠭᠡᠯᠲᠡ ᠮᠠᠭᠤᠳᠠᠭᠰᠠᠨ ᠵᠡᠷᠭᠡ ᠠᠷᠬᠠᠭ ᠡᠪᠡᠳᠴᠢᠨ ᠠᠴᠠ ᠪᠣᠯᠵᠤ᠂ ᠦᠷᠭᠦᠯᠵᠢ ᠪᠠᠶᠠᠨᠬᠤᠰᠢᠭᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠢᠷᠡᠵᠦ ᠪᠦᠦ ᠡᠮᠴᠢ ᠠᠴᠠ ᠡᠮ ᠵᠠᠯᠠᠵᠤ ᠤᠤᠭᠤᠳᠠᠭ  ᠪᠠᠶᠢᠵᠠᠢ᠃     ᠪᠤᠤ ᠵᠢᠶᠠᠨ ᠴᠢᠤᠸᠠᠨ ᠡᠮᠴᠢ   ᠶᠢᠨ ᠠᠵᠢᠯ ᠤᠨ ᠭᠠᠷᠤᠭ᠎ᠠ ᠪᠠᠨ ᠠᠪᠤᠭᠰᠠᠨ 36 ᠵᠢᠯ  ᠤᠨ ᠲᠤᠷᠰᠢ᠂  ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠵᠤ᠂ ᠴᠠᠭ ᠢᠮᠠᠭᠲᠠ ᠡᠪᠡᠳᠴᠢᠲᠡᠨ ᠢᠶᠠᠷ ᠭᠤᠣᠯ ᠪᠣᠯᠭᠠᠵᠤ᠂ ᠰᠢᠷᠭᠠᠭᠤ ᠬᠢᠴᠢᠶᠡᠩᠭᠦᠢ ᠪᠠᠷ ᠠᠵᠢᠯᠯᠠᠨ᠂  ᠨᠡᠶᠢᠭᠡᠮ ᠨᠡᠶᠢᠲᠡ ᠳᠤ ᠮᠡᠳᠡᠷᠡᠭᠳᠡᠨ᠂ ᠦᠷᠭᠡᠨ ᠤᠯᠠᠨ ᠡᠪᠡᠳᠴᠢᠲᠡᠨ ᠤ ᠬᠦᠨᠳᠦᠳᠭᠡᠯ ᠰᠠᠶᠢᠰᠢᠶᠠᠯ ᠪᠠ ᠢᠲᠡᠭᠡᠯ ᠢ ᠤᠯᠤᠭᠰᠠᠨ ᠪᠠᠶᠢᠳᠠᠭ᠃ ᠪᠦᠦ ᠵᠢᠶᠠᠨ ᠴᠢᠤᠸᠠᠨ  ᠡᠮᠴᠢ ᠭᠡᠪᠡᠯ ᠮᠠᠯᠴᠢᠨ ᠲᠦᠮᠡᠨ ᠲᠠᠨᠢᠯ  ᠪᠤᠰᠤ ᠰᠠᠨᠠᠭᠳᠠᠬᠤ ᠪᠤᠯᠪᠠᠴᠤ ︽ ᠰᠤᠶᠤᠯᠳᠤ︾ ᠡᠮᠴᠢ ᠭᠡᠭᠰᠡᠭᠡᠷ ᠡᠷᠭᠢᠨ ᠲᠣᠭᠤᠷᠢᠨ ᠤ ᠬᠡᠳᠦᠨ ᠵᠠᠭᠤᠨ ᠭᠠᠵᠠᠷ ᠤᠨ ᠬᠥᠮᠥᠰ ᠪᠦᠷ ᠡᠷᠡᠬᠡᠢ ᠭᠠᠷᠭᠠᠨ ᠮᠠᠭᠳᠠᠳᠠᠭ ᠠᠴᠠ ᠪᠦᠬᠦᠳᠡᠭᠡᠷ ᠲᠡᠭᠦᠨ ᠢ ︽ ᠰᠤᠶᠤᠯᠳᠤ︾ ᠡᠮᠴᠢ ᠭᠡᠵᠦ ᠳᠣᠲᠣᠨᠣᠰᠤᠭ ᠢᠶᠠᠷ ᠳᠠᠭᠤᠳᠠᠳᠠᠭ᠃    ᠠᠵᠢᠯ ᠳᠤ ᠣᠷᠣᠯᠴᠠᠭᠰᠠᠨ ᠠᠴᠠ ᠨᠠᠰᠢ᠂ ᠪᠦᠦ ᠵᠢᠶᠠᠨ ᠴᠢᠤᠸᠠᠨ ᠦᠨᠳᠦᠰᠦᠨ ᠱᠠᠲᠤᠨ ᠤ ᠨᠢᠭᠡᠳᠦᠭᠡᠷ ᠹᠷᠤᠨᠲ ᠲᠤ ᠡᠮᠴᠢᠯᠡᠭᠡ ᠪᠣᠯᠣᠨ ᠤᠷᠢᠳᠴᠢᠯᠠᠨ ᠰᠡᠷᠭᠡᠶᠢᠯᠡᠬᠦ ᠠᠵᠢᠯ ᠢ ᠤᠯᠠᠨ ᠵᠢᠯ ᠬᠢᠵᠦ᠂ ᠰᠠᠯᠬᠢ ᠪᠣᠷᠣᠭᠠᠨ ᠳᠤ ᠬᠠᠷᠰᠢ ᠰᠠᠭᠠᠳ ᠦᠭᠡᠢ ᠠᠵᠢᠯᠯᠠᠨ᠂ ᠮᠠᠯᠴᠢᠨ ᠡᠷᠤᠭᠡ ᠳᠤ ᠭᠦᠨᠵᠡᠭᠡᠶᠢᠷᠡᠨ ᠮᠠᠯᠴᠢᠳ ᠲᠤ ᠡᠷᠡᠭᠦᠯ  ᠮᠡᠨᠳᠦ ᠶᠢᠨ ᠬᠥᠮᠦᠵᠢᠯ ᠢ ᠰᠠᠶᠢᠲᠤᠷ ᠬᠢᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠤ ᠲᠤᠬᠠᠢ ᠲᠠᠨᠢᠯᠲᠠ   ᠶᠢ ᠨᠡᠮᠡᠭᠳᠡᠬᠦᠯᠦᠨ ᠡᠮᠨᠡᠨ ᠵᠠᠰᠠᠭᠰᠠᠭᠠᠷ ᠢᠷᠡᠵᠠᠢ᠃    ᠤᠤᠯ ᠤᠨ ᠪᠤᠷᠭᠠᠰᠤᠲᠠᠢ ᠰᠤᠮᠤᠨ ᠤ ᠰᠠᠭᠤᠭᠠᠯᠢ ᠲᠤᠭᠤᠷᠢᠭ ᠲᠤ ᠨᠢᠭᠡᠨ 83 ᠨᠠᠰᠤᠲᠠᠢ ᠨᠠᠰᠤᠲᠠᠨ ᠪᠠᠶᠢᠵᠤ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠳᠤ ᠨᠡᠷᠪᠡᠭᠳᠡᠭᠡᠳ 20 ᠭᠠᠷᠤᠢ ᠵᠢᠯ ᠪᠣᠯᠪᠠ᠂ 3 ᠵᠢᠯ ᠤᠨ ᠡᠮᠦᠨ᠎ᠡ ᠲᠠᠷᠢᠬᠢᠨ ᠤ ᠲᠦᠭᠵᠢᠷᠡᠯ   ᠢᠶᠠᠷ ᠣᠶᠢᠴᠢᠭᠠᠳ ᠵᠡᠭᠦᠨ ᠬᠥᠯ ᠤᠨ ᠱᠠᠭ᠎ᠠ ᠶᠢᠨ ᠦᠶ᠎ᠡ ᠶᠢᠨ ᠭᠠᠳᠠᠷ ᠲᠠᠯ᠎ᠠ ᠶᠢᠨ ᠶᠠᠰᠤ ᠬᠤᠭᠤᠷᠠᠵᠤ᠂ ᠤᠷᠳᠤ ᠬᠤᠭᠤᠴᠠᠭ᠎ᠠ ᠪᠠᠷ ᠡᠳᠡᠭᠡᠷᠡᠬᠦ ᠦᠭᠡᠢ ᠪᠠᠶᠢᠪᠠ᠃ ᠭᠠᠭᠴᠠᠬᠠᠨ ᠬᠦᠦ ᠨᠢ ᠭᠠᠳᠠᠨ᠎ᠠ ᠬᠥᠯᠥᠰᠦᠨ ᠠᠵᠢᠯ ᠬᠢᠵᠦ᠂ ᠠᠮᠢᠳᠤᠷᠠᠯ ᠤᠨ ᠨᠥᠬᠦᠴᠡᠯ ᠨᠢ ᠬᠦᠴᠢᠷᠲᠡᠢ᠂ ᠨᠠᠰᠤᠲᠠᠨ ᠢ ᠠᠰᠠᠷᠠᠵᠤ ᠬᠠᠷᠠᠭᠠᠯᠵᠠᠬᠤ ᠬᠥᠮᠥᠨ ᠦᠭᠡᠢ ᠪᠠᠶᠢᠪᠠ᠃  ᠪᠤᠤ ᠵᠢᠶᠠᠨ ᠴᠢᠤᠸᠠᠨ ᠡᠨᠡ ᠬᠦ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ ᠡᠮ ᠬᠤᠳᠠᠯᠳᠤᠨ ᠠᠪᠴᠤ  ᠳᠠᠷᠤᠶᠢᠬᠠᠨ ᠨᠠᠰᠤᠳᠠᠨ ᠤ ᠭᠡᠷ ᠲᠤ ᠬᠦᠷᠴᠦ᠂ ᠱᠠᠭ᠎ᠠ ᠶᠢᠨ ᠬᠡᠰᠡᠭ ᠤᠨ ᠰᠢᠷᠬ᠎ᠠ ᠶᠢ ᠨᠢ ᠠᠷᠢᠭᠤᠳᠬᠠᠨ ᠡᠮ ᠰᠣᠯᠢᠵᠤ᠂  ᠡᠮ ᠵᠠᠯᠠᠵᠤ ᠦᠭᠭᠦᠨ᠂ ᠬᠤᠶᠠᠷ ᠵᠢᠯ ᠭᠠᠷᠤᠢ ᠶᠢᠨ ᠲᠤᠷᠰᠢᠲᠠ ᠨᠠᠰᠤᠳᠠᠨ ᠢ ᠨᠠᠰᠤ ᠪᠠᠷᠠᠲᠠᠯ᠎ᠠ ᠬᠠᠷᠠᠭᠠᠯᠵᠠᠭᠰᠠᠨ ᠠᠴᠠ  ᠬᠦᠦ  ᠨᠢ ᠶᠡᠬᠡᠳᠡ ᠲᠠᠯᠠᠷᠬᠠᠵᠤ᠂ ᠤᠯᠠᠨ ᠤᠳᠠᠭ᠎ᠠ ᠲᠡᠭᠦᠨ ᠢ ᠵᠠᠯᠠᠵᠤ ᠬᠤᠭᠤᠯᠠ ᠢᠳᠡᠬᠦᠯᠦᠨ ᠲᠠᠯᠠᠷᠬᠠᠬᠤ ᠰᠡᠳᠬᠢᠯ ᠢᠶᠠᠨ ᠢᠯᠡᠳᠭᠡᠬᠦ ᠬᠡᠰᠡᠨ ᠳᠤ ᠪᠤᠤ ᠵᠢᠶᠠᠨ ᠴᠢᠤᠸᠠᠨ ᠡᠮᠴᠢ ᠦᠪᠡᠷ ᠤᠨ ᠬᠢᠪᠡᠰᠦ ᠵᠤᠬᠢᠬᠤ ᠵᠦᠢᠯ ᠬᠡᠮᠡᠨ ᠲᠡᠪᠴᠢᠭᠰᠡᠨ ᠪᠠᠶᠢᠳᠠᠭ᠃    ᠡᠶᠢᠮᠦᠷᠬᠦᠦ ᠬᠥᠮᠥᠨ ᠤ ᠰᠡᠳᠬᠢᠯ ᠢ ᠬᠥᠳᠡᠯᠭᠡᠮ᠎ᠡ ᠦᠯᠢᠭᠡᠷ ᠪᠠᠰᠠ ᠮᠠᠰᠢ ᠤᠯᠠᠨ ᠪᠠᠶᠢᠳᠠᠭ᠂ ᠲᠡᠷᠡ ᠡᠪᠡᠳᠴᠢᠲᠡᠨ ᠨᠢᠭᠡᠪᠦᠷᠢ ᠳᠤ ︽ᠨᠠᠷᠢᠨ ᠨᠢᠮᠪᠠᠢ᠂ ᠲᠡᠰᠪᠦᠷᠢ ᠲᠡᠪᠴᠢᠶᠡᠷᠢ ᠲᠠᠢ᠂ ᠬᠠᠷᠢᠭᠤᠴᠠᠯᠭᠠᠲᠤ ᠰᠡᠳᠬᠢᠯ︾ ᠢᠶᠠᠷ ᠬᠠᠨᠳᠤᠬᠤ ᠶᠢ ᠪᠠᠷᠢᠮᠲᠠᠯᠠᠵᠤ᠂ ᠦᠨᠡᠨᠴᠢ ᠦᠢᠯᠡᠴᠢᠯᠡᠭᠡ ᠪᠠᠷ ᠡᠮᠨᠡᠨ ᠵᠠᠰᠠᠳᠠᠭ ᠠᠴᠠ  ᠡᠪᠡᠳᠴᠢᠳᠡᠳ ᠲᠡᠬᠦᠨ ᠢ ᠲᠤᠶᠢᠯ ᠢᠶᠠᠷ ᠬᠦᠨᠳᠦᠳᠬᠡᠨ ᠪᠢᠰᠢᠷᠡᠳᠡᠭ᠃     ᠲᠡᠷᠡᠪᠡᠷ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠴᠥᠭᠡᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠲᠡᠷᠡ ᠳᠣᠲᠣᠷ ᠡᠮᠨᠡᠯᠭᠡ ᠶᠢᠨ ᠰᠠᠯᠠᠭ᠎ᠠ ᠶᠢ ᠭᠤᠣᠯᠯᠠᠨ ᠰᠤᠳᠤᠯᠬᠤ ᠠᠴᠠ ᠭᠠᠳᠠᠨ᠎ᠠ ᠪᠠᠰᠠ ᠭᠠᠳᠠᠷ ᠡᠮᠨᠡᠯᠭᠡ᠂ ᠬᠡᠦᠬᠡᠳ ᠤᠨ ᠡᠮᠨᠡᠯᠭᠡ᠂ ᠮᠣᠩᠭᠤᠯ ᠡᠮᠨᠡᠯᠭᠡ ᠶᠢᠨ ᠲᠠᠯ᠎ᠠ ᠪᠠᠷ ᠪᠠᠶᠠᠯᠢᠭ ᠲᠤᠷᠰᠢᠯᠭ᠎ᠠ ᠲᠠᠢ ᠬᠤᠷᠠᠮᠳᠤᠭᠤᠯᠤᠨ᠂ ᠨᠢᠭᠡᠨ ᠰᠢᠯᠢᠳᠡᠭ ᠶᠡᠷᠦᠩᠬᠡᠢ ᠰᠠᠯᠠᠭᠠᠨ ᠤ ᠡᠮᠴᠢ ᠪᠣᠯᠵᠤ᠂  ᠲᠡᠬᠦᠨ ᠳᠤ ᠬᠠᠷᠢᠶᠠᠯᠠᠭᠳᠠᠬᠤ ᠮᠠᠯᠵᠢᠬᠤ ᠣᠷᠣᠨ ᠤ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠲᠣᠬᠢᠷᠠᠬᠤ ᠪᠦᠲᠦᠮᠵᠢᠲᠡᠢ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠢᠷᠭᠠᠭᠤ ᠬᠠᠲᠠᠭᠤᠵᠢᠯᠲᠠᠢ ᠰᠤᠳᠤᠯᠬᠤ ᠪᠠᠷ ᠳᠠᠮᠵᠢᠨ᠂ ᠲᠡᠭᠦᠨ ᠤ ᠡᠮᠨᠡᠯᠭᠡ ᠶᠢᠨ ᠮᠡᠷᠭᠡᠵᠢᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠣᠨᠴᠠᠭᠠᠶᠢᠯᠠᠨ ᠳᠣᠲᠣᠷ ᠡᠮᠨᠡᠯᠭᠡ᠂ ᠬᠡᠦᠬᠡᠳ ᠤᠨ ᠡᠮᠨᠡᠯᠭᠡ ᠵᠡᠷᠭᠡ ᠬᠦᠴᠢᠷ ᠲᠦᠪᠡᠭᠲᠡᠢ ᠡᠪᠡᠳᠴᠢᠨ ᠢ ᠣᠨᠣᠰᠢᠯᠠᠨ ᠡᠮᠨᠡᠬᠦ  ᠬᠢᠷᠢ ᠲᠦᠪᠰᠢᠨ ᠲᠠᠰᠤᠷᠠᠯᠲᠠ ᠦᠭᠡᠢ  ᠲᠡᠭᠡᠭᠰᠢᠯᠡᠭᠰᠡᠨ ᠪᠠᠶᠢᠳᠠᠭ᠃    ᠲᠡᠭᠦᠨ ᠤ ᠦᠵᠡᠬᠦ ᠪᠠᠷ᠂ ᠨᠢᠭᠡᠨ ᠬᠢᠷᠢ ᠲᠡᠩᠴᠡᠭᠰᠡᠨ ᠡᠮᠴᠢ ᠪᠣᠯᠬᠤ ᠳᠤ ᠬᠠᠰᠢᠷ ᠲᠤᠷᠰᠢᠯᠭ᠎ᠠ ᠲᠠᠢ ᠲᠤᠬᠠᠶᠢᠯᠠᠭᠰᠠᠨ ᠠᠵᠢᠯ ᠤᠨ ᠮᠡᠷᠭᠡᠵᠢᠯ ᠪᠠᠶᠢᠬᠤ ᠠᠴᠠ ᠭᠠᠳᠠᠨ᠎ᠠ᠂ ᠡᠪᠡᠳᠴᠢᠲᠡᠨ ᠢ ᠥᠷᠥ ᠡᠪᠡᠳᠬᠦ ᠰᠡᠳᠬᠢᠯ ᠪᠠ ᠢᠳᠡᠪᠬᠢᠲᠡᠢ ᠬᠠᠯᠠᠭᠤᠮᠰᠤᠭ ᠦᠢᠯᠡᠴᠢᠯᠡᠬᠦ ᠣᠪᠣᠷ ᠨᠢ ᠴᠦ ᠮᠠᠰᠢ ᠴᠢᠬᠤᠯᠠ ᠪᠠᠶᠢᠳᠠᠭ ᠬᠡᠮᠡᠨ ᠬᠡᠵᠢᠶᠡᠲᠡ ᠲᠦᠷᠦᠭᠦᠯᠡᠨ ᠬᠥᠳᠡᠯᠦᠯᠴᠡᠵᠦ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠠᠵᠢᠯᠴᠢᠨ ᠤ ᠬᠡᠪ ᠳᠠᠭᠤᠷᠢᠶᠠᠯ ᠪᠣᠯᠬᠤ ᠶᠢᠨ ᠬᠠᠮᠲᠤ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠡᠮᠴᠢ ᠶᠢᠨ ᠮᠣᠷᠠᠯ ᠰᠤᠷᠲᠠᠯ ᠢᠶᠠᠷ ᠰᠠᠶᠢᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠥᠨᠳᠥᠷ  ᠦᠨᠳᠦᠰᠦᠨ ᠱᠠᠳᠤᠨ ᠤ ᠡᠮᠴᠢ ᠶᠢᠨ ᠡᠩᠨᠡᠭᠡ ᠶᠢ ᠲᠠᠶᠢᠴᠢᠯᠠᠨ ᠲᠠᠭᠠᠭᠤᠯᠵᠤ᠂   ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠠᠵᠢᠯᠴᠢᠨ ᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃    ᠲᠡᠷᠡ ᠢᠩᠭᠢᠵᠦ ᠯᠡ ᠦᠨᠳᠦᠰᠦᠨ ᠱᠠᠲᠤᠨ ᠳᠤ ᠭᠤᠴᠢᠨ ᠵᠢᠷᠭᠤᠭᠠᠨ ᠬᠠᠪᠤᠷ  ᠨᠠᠮᠤᠷ ᠢ ᠲᠤᠭᠤᠯᠠᠨ᠂  ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠮᠡᠷᠭᠡᠵᠢᠯ ᠢ ᠴᠢᠷᠮᠠᠶᠢᠨ ᠰᠤᠳᠤᠯᠵᠤ᠂ ᠤᠯᠠᠨ ᠲᠦᠮᠡᠨ ᠳᠤ ᠬᠠᠯᠠᠭᠤᠨ ᠢᠶᠠᠷ ᠦᠢᠯᠡᠴᠢᠯᠡᠵᠦ᠂ ᠡᠮᠴᠢᠯᠡᠭᠡᠨ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠠᠵᠢᠯ ᠳᠤ ᠰᠢᠭᠤᠷᠬᠠᠶᠢᠯᠠᠨ ᠤᠷᠤᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠢᠲᠡᠭᠡᠯ ᠪᠢᠰᠢᠷᠡᠯ ᠢᠶᠠᠨ ᠦᠢᠯᠡᠳᠦᠯᠭᠡᠵᠢᠭᠦᠯᠵᠦ᠂ ᠠᠮᠢᠳᠤᠷᠠᠬᠤᠢ ᠶᠢᠨ ᠦᠨ᠎ᠡ ᠦᠷᠳᠡᠭ ᠢᠶᠠᠨ ᠢᠯᠡᠷᠡᠭᠦᠯᠵᠦ᠂ ᠡᠭᠡᠯ ᠵᠢᠷ ᠤᠨ ᠠᠵᠢᠯ ᠤᠨ ᠪᠠᠶᠢᠷᠢᠨ ᠳᠤ ᠡᠷᠡᠮᠡᠬᠡᠶᠢᠯᠡᠨ ᠠᠵᠢᠯᠯᠠᠵᠤ᠂ ᠦᠨᠳᠦᠰᠦᠨ ᠱᠠᠳᠤᠨ  ᠤ ᠦᠷᠭᠡᠨ ᠤᠯᠠᠨ ᠲᠦᠮᠡᠨ ᠤ ᠡᠷᠡᠬᠦᠯ  ᠡᠩᠭᠡ ᠶᠢᠨ ᠮᠦᠩᠭᠡ ᠶᠢᠨ ᠮᠠᠨᠠᠭᠠᠴᠢ  ᠪᠤᠯᠤᠨ  ᠭᠠᠪᠰᠢᠭᠠᠶᠢᠯᠠᠭᠰᠠᠭᠠᠷ ᠁        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号