| ︽ᠮᠢᠩᠭᠠᠨ ᠠᠳᠤᠭᠤ ᠤᠰᠤᠯᠠᠳᠠᠭ︾ ᠬᠤᠰᠢᠭᠤ ᠬᠤᠳᠳᠤᠭ ᠭᠡᠳᠡᠭ ᠦᠯᠢᠭᠡᠷ ᠲᠡᠤᠬᠡ ᠲᠠᠢ ᠰᠢᠯᠢ ᠭᠤᠪᠢ ᠲᠠᠢ | ᠨᠤᠲᠤᠭ ᠲᠤ ᠪᠠᠨ ᠪᠠᠭᠤᠴᠠ ᠪᠠᠨ ᠵᠠᠰᠠᠵᠤ ᠰᠠᠭᠤᠷᠢᠰᠢᠭᠰᠠᠨ ᠡᠨᠡ ᠠᠶᠢᠯ ᠢ ᠨᠤᠷᠪᠤᠰᠠᠩ ᠤᠨ ᠬᠢ ᠬᠡᠳᠡᠭ᠃ ᠪᠠᠷᠠᠭᠤᠨ | ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ᠳᠠᠪᠰᠢᠯᠳᠠ ᠭᠠᠴᠠᠭᠠᠨ ᠤ ᠵᠠᠯᠠᠭᠤ ᠮᠠᠯᠴᠢᠨ᠂ ᠳᠤᠰ ᠭᠠᠴᠠᠭᠠᠨ | ᠤ ᠬᠤᠶᠠᠳᠤᠭᠠᠷ ᠳᠤᠭᠤᠶᠢᠯᠠᠩ ᠤᠨ ᠨᠠᠮ ᠤᠨ ᠬᠡᠰᠢᠬᠦᠨ ᠭᠤᠤᠯᠳᠠᠯᠭᠠᠲᠤ ᠡᠷᠦᠬᠡ ᠶᠢᠨ ᠠᠵᠢᠯ ᠡᠬᠦᠷᠭᠡ ᠶᠢ ᠬᠠᠷᠢᠭᠤᠴᠠᠵᠤ | ᠪᠠᠶᠢᠭ᠎ᠠ ᠨᠠᠮ ᠤᠨ ᠬᠡᠰᠢᠬᠦᠨ ᠶᠤᠮ᠃ | ᠲᠡᠷᠡ 2008 ᠤᠨ ᠳᠤ ᠮᠠᠯᠴᠢᠨ ᠬᠡᠤᠬᠡᠨ ᠬᠠᠰᠲᠤᠶᠠᠭ᠎ᠠ ᠲᠠᠢ ᠠᠶᠢᠯ ᠡᠷᠦᠬᠡ ᠪᠣᠰᠬᠠᠨ ᠠᠵᠤ ᠠᠮᠢᠳᠤᠷᠠᠯ ᠢᠶᠠᠨ | ᠡᠬᠢᠯᠡᠬᠦᠯᠵᠦ᠂ 2009 ᠤᠨ ᠳᠤ ᠬᠦᠳᠡᠭᠡ ᠨᠤᠲᠤᠭ ᠲᠠᠭᠠᠨ ᠢᠷᠡᠵᠦ ᠮᠠᠯ ᠢᠶᠠᠨ ᠮᠠᠯᠵᠢᠵᠤ ᠡᠬᠢᠯᠡᠬᠦᠯᠦᠭᠰᠡᠨ ᠪᠦᠭᠡᠳ | ᠪᠠᠶᠢᠭᠠᠯᠢ ᠠᠬᠤᠢ᠂ ᠴᠠᠭ ᠠᠭᠤᠷ ᠤᠨ ᠬᠤᠪᠢᠷᠠᠯᠳᠠ᠂ ᠵᠠᠬ᠎ᠠ ᠲᠡᠯᠭᠡᠬᠦᠷ ᠤᠨ ᠬᠤᠪᠢᠷᠠᠯᠳᠠ ᠵᠡᠷᠭᠡ ᠨᠦᠬᠦᠴᠡᠯ ᠰᠢᠯᠳᠠᠭᠠᠨ ᠤ | ᠬᠠᠷᠠᠭ᠎ᠠ ᠪᠠᠷ᠂ ᠨᠤᠲᠤᠭ ᠪᠡᠯᠴᠢᠭᠡᠷ ᠤᠨ ᠳᠠᠭᠠᠭᠠᠴᠠ ᠳᠤ ᠳᠤᠬᠢᠷᠠᠭᠤᠯᠤᠨ ᠦᠨᠳᠦᠷ ᠦᠷ᠎ᠡ ᠠᠰᠢᠭ ᠲᠠᠢ ᠮᠠᠯ ᠮᠠᠯᠵᠢᠬᠤ ᠪᠤᠯ | ᠭᠠᠭᠴᠠᠬᠦ ᠭᠠᠷᠬᠤ ᠵᠠᠮ ᠬᠡᠰᠡᠨ ᠢ ᠳᠤᠳᠤ ᠳᠠᠨᠢᠭᠰᠠᠨ ᠬᠤᠶᠠᠷ ᠵᠠᠯᠠᠭᠤ᠂ ᠳᠠᠭᠠᠭᠠᠴᠢᠯᠠᠭᠰᠠᠨ 2080 ᠮᠤ᠋ ᠨᠤᠲᠤᠭ | ᠪᠡᠯᠴᠢᠭᠡᠷ ᠢᠶᠠᠨ ᠪᠦᠬᠦᠨ ᠢ ᠪᠢᠳᠡᠬᠦᠮᠵᠢᠯᠡᠨ ᠬᠦᠷᠢᠶᠡᠯᠡᠵᠦ᠂ ᠵᠢᠯ ᠳᠠᠷᠠᠭᠠᠯᠠᠨ ᠨᠤᠲᠤᠭ ᠡᠬᠦᠯᠳᠡᠷ ᠤᠨ ᠬᠤᠨᠢ ᠦᠬᠡᠷ ᠢᠶᠠᠨ | ᠴᠦᠭᠡᠴᠢᠯᠡᠨ᠂ ᠰᠢᠯᠢᠳᠡᠭ ᠡᠬᠦᠯᠳᠡᠷ ᠤᠨ ᠮᠠᠯ ᠮᠠᠯᠵᠢᠵᠤ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠰᠢᠨ᠎ᠡ ᠵᠠᠮ ᠢ | ᠡᠷᠢᠯᠬᠢᠯᠡᠨ᠂ ᠴᠦᠬᠡᠨ ᠮᠠᠯ ᠠᠴᠠ ᠦᠨᠳᠦᠷ ᠦᠷ᠎ᠡ ᠠᠰᠢᠭ ᠤᠯᠬᠤ᠂ ᠮᠠᠯ ᠤᠨ ᠡᠬᠦᠯᠳᠡᠷ ᠤᠭᠰᠠᠭ᠎ᠠ ᠶᠢ ᠰᠠᠶᠢᠵᠢᠷᠠᠭᠤᠯᠬᠤ | ᠳᠡᠭᠡᠷ᠎ᠡ ᠬᠦᠴᠦ ᠳᠠᠯᠪᠢᠵᠤ᠂ 2020 ᠤᠨ ᠤ ᠨᠠᠮᠤᠷ ᠤᠯᠠᠭᠠᠨᠬᠠᠳᠠ ᠶᠢᠨ ᠮᠠᠯ ᠠᠵᠤ ᠠᠬᠤᠢ ᠶᠢᠨ ᠰᠤᠷᠭᠠᠭᠤᠯᠢ ᠳᠤ | ᠬᠦᠷᠴᠦ ᠦᠨᠢᠶᠡᠨ ᠤ ᠢᠴᠡᠭᠡᠯ ᠤᠨ ᠦᠷ᠎ᠡ ᠶᠢᠨ ᠭᠠᠷ ᠬᠡᠭᠡᠯᠳᠦᠬᠦᠯᠭᠡ ᠶᠢᠨ ᠮᠡᠷᠭᠡᠵᠢᠯ ᠤᠨ ᠣᠬᠤᠷ ᠬᠤᠭᠤᠴᠠᠭᠠᠨ ᠤ | ᠠᠩᠬᠢ ᠳᠤ ᠰᠣᠷᠣᠯᠴᠠᠨ ᠠᠮᠵᠢᠯᠳᠠ ᠲᠠᠢ ᠳᠡᠬᠦᠰᠴᠡᠢ᠃ | 2021 ᠤᠨ ᠤ 2 ᠰᠠᠷ᠎ᠠ ᠳᠤ ᠠᠦ᠋ᠰᠲᠷᠯᠢᠶ᠎ᠠ ᠤᠯᠤᠰ ᠠᠴᠠ ᠰᠢᠯᠢᠳᠡᠭ ᠡᠬᠦᠯᠳᠡᠷ ᠤᠨ 40 ᠳᠤᠯᠤᠭᠠᠢ ᠬᠠᠢ ᠹᠦ᠋ | ᠲᠧ ᠡᠬᠦᠯᠳᠡᠷ ᠤᠨ ᠦᠬᠡᠷ ᠤᠷᠤᠭᠤᠯᠵᠤ ᠂ ᠦᠨᠢᠶᠡᠨ ᠳᠤ ᠪᠠᠨ ᠢᠴᠡᠭᠡᠯ ᠦᠷ᠎ᠡ ᠶᠢᠨ ᠭᠠᠷ ᠬᠡᠭᠡᠯᠳᠦᠬᠦᠯᠭᠡ ᠬᠢᠭᠰᠡᠨ ᠢᠶᠠᠷ | ᠦᠨᠢᠶᠡᠨ ᠤ ᠬᠡᠭᠡᠯ ᠳᠤᠭᠳᠠᠬᠤ ᠨᠤᠷᠮ᠎ᠠ ᠨᠢ 95% ᠠᠴᠠ ᠳᠡᠭᠡᠭᠰᠢ ᠪᠠᠶᠢᠵᠤ᠂ ᠭᠠᠷᠤᠭᠰᠠᠨ ᠳᠤᠭᠤᠯ ᠤᠨ ᠪᠤᠶᠢᠵᠢᠯᠳᠠ | ᠰᠠᠶᠢᠨ ᠂ ᠪᠡᠶ᠎ᠡ ᠪᠢᠯᠳᠡᠷ ᠨᠢ ᠳᠤᠮᠤ ᠪᠠᠶᠢᠵᠤ᠂ ᠦᠨ᠎ᠡ ᠬᠠᠩᠰᠢ ᠨᠢ ᠴᠤ ᠦᠨᠳᠦᠷ ᠪᠠᠶᠢᠯ᠎ᠠ᠃ 2021 ᠤᠨ ᠠᠴᠠ | 2022 ᠤᠨ ᠬᠦᠷᠲᠡᠯ᠎ᠡ ᠡᠳᠡᠨ ᠤ ᠳᠤᠭᠤᠯ ᠪᠦᠷᠢ ᠳᠡᠭᠰᠢᠳᠭᠡᠭᠡᠳ 12000 ᠲᠦᠭᠦᠷᠢᠭ ᠬᠦᠷᠴᠦ᠂ 2023 ᠤᠨ ᠳᠤ | ᠮᠠᠯ ᠤᠨ ᠦᠨ᠎ᠡ ᠬᠠᠩᠰᠢ ᠪᠠᠭᠤᠷᠠᠭᠰᠠᠨ ᠪᠠᠶᠢᠳᠠᠯ ᠳᠤᠤᠷ᠎ᠠ ᠳᠤᠰ ᠵᠢᠯ ᠤᠨ 37 ᠳᠤᠯᠤᠭᠠᠢ ᠬᠠᠢ ᠹᠦ᠋ ᠲᠧ ᠡᠬᠦᠯᠳᠡᠷ ᠤᠨ | ᠳᠤᠭᠤᠯ ᠨᠢ ᠳᠡᠭᠰᠢᠳᠭᠡᠭᠡᠳ 8000 ᠲᠦᠭᠦᠷᠢᠭ ᠢᠶᠠᠷ ᠬᠤᠳᠠᠯᠳᠤᠨ ᠪᠤᠷᠤᠯᠠᠭᠤᠯᠤᠭᠰᠠᠨ ᠪᠠᠶᠢᠨ᠎ᠠ᠃ | ᠨᠤᠷᠪᠤᠰᠠᠩ ᠤᠨ ᠬᠢ ᠪᠠᠰᠠ ᠠᠶᠢᠮᠠᠭ ᠤᠨ ᠳᠡᠰ ᠤᠨ ᠮᠢᠬᠠᠨ ᠤ ᠦᠬᠡᠷ ᠤᠨ ᠭᠤᠤᠯᠳᠠᠯᠭᠠᠲᠤ ᠡᠷᠦᠬᠡ ᠳᠤᠯᠠ ᠳᠤᠰ | ᠰᠦᠷᠦᠭ ᠠᠴᠠ ᠡᠷ᠎ᠡ ᠦᠬᠢᠨ ᠳᠤᠭᠤᠯ ᠬᠤᠳᠠᠯᠳᠤᠨ ᠠᠪᠤᠪᠠᠯ ᠳᠤᠭᠤᠯ ᠬᠤᠳᠠᠯᠳᠤᠨ ᠠᠪᠤᠭᠰᠠᠨ ᠡᠷᠦᠬᠡ ᠳᠤ ᠳᠤᠭᠤᠯ | ᠪᠦᠷᠢ ᠳᠤ ᠤᠯᠤᠰ ᠠᠴᠠ 3000 ᠲᠦᠭᠦᠷᠢᠭ ᠤᠨ ᠨᠦᠬᠦᠪᠦᠷᠢ ᠦᠭᠳᠡᠭ ᠪᠠᠶᠢᠵᠣ᠂ ᠡᠳᠡᠨᠡᠶᠢᠬᠢ ᠨᠢ ᠮᠠᠯ ᠤᠨ ᠠᠷᠠᠴᠢᠯᠠᠭ᠎ᠠ | ᠮᠠᠯᠵᠢᠯᠭ᠎ᠠ ᠶᠢ ᠴᠢᠩᠭᠠᠳᠬᠠᠵᠤ᠂ ᠬᠦᠷᠦᠯᠴᠡᠭᠡᠳᠡᠢ ᠡᠪᠡᠰᠦ ᠪᠤᠷᠳᠤᠭᠤᠷ ᠢ ᠪᠦᠷᠢᠨ ᠬᠦᠢᠴᠡᠳ ᠪᠡᠯᠡᠳᠭᠡᠵᠦ᠂ ᠳᠠᠷᠭᠤ ᠬᠦᠴᠦ | ᠰᠠᠶᠢᠨ ᠪᠠᠶᠢᠳᠠᠭ ᠪᠤᠯᠬᠤᠷ ᠮᠠᠯᠴᠢᠤᠨ ᠡᠳᠡᠨ ᠤ ᠡᠷ᠎ᠡ ᠦᠬᠢᠨ ᠳᠤᠭᠤᠯ ᠢ ᠠᠪᠬᠤ ᠳᠤᠷ᠎ᠠ ᠲᠠᠢ ᠪᠠᠶᠢᠳᠠᠭ᠃ | 2021 ᠤᠨ ᠳᠤ ᠰᠤᠮᠤ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠨᠤᠷᠪᠤᠰᠠᠩ ᠨᠦᠬᠦᠷ ᠢ ᠳᠤᠰ | ᠭᠠᠴᠠᠭᠠᠨ ᠤ ᠬᠤᠶᠠᠳᠤᠭᠠᠷ ᠳᠤᠭᠤᠶᠢᠯᠠᠩ ᠤᠨ ᠨᠠᠮ ᠤᠨ ᠬᠡᠰᠢᠬᠦᠨ ᠭᠤᠤᠯᠳᠠᠯᠭᠠᠲᠤ ᠡᠷᠦᠭᠡ ᠪᠠᠷ ᠳᠤᠭᠳᠠᠭᠠᠵᠤ᠂ ᠨᠠᠮ ᠤᠨ | ᠡᠬᠦᠷ ᠠᠴᠠ ᠡᠨᠡᠬᠦ ᠠᠵᠢᠯ ᠡᠬᠦᠷᠭᠡ ᠶᠢ ᠬᠠᠷᠢᠭᠤᠴᠠᠭᠤᠯᠬᠤ ᠪᠠᠷ ᠪᠤᠯᠤᠭᠰᠠᠨ ᠳᠤ ᠲᠡᠷᠡ ᠳᠤᠷ᠎ᠠ ᠲᠠᠢ ᠬᠦᠯᠢᠶᠡᠨ ᠠᠪᠤᠭᠰᠠᠨ | ᠪᠠᠶᠢᠯ᠎ᠠ᠃ ᠳᠡᠬᠦᠨ ᠤ ᠬᠠᠷᠢᠭᠤᠴᠠᠭᠰᠠᠨ ᠳᠤᠭᠤᠶᠢᠯᠠᠩ ᠨᠢ 48 ᠡᠷᠦᠬᠡ᠂ 120 ᠭᠠᠷᠤᠢ ᠬᠦᠮᠦᠨ ᠲᠠᠢ 8 ᠨᠡᠷ᠎ᠡ ᠨᠠᠮ ᠤᠨ | ᠬᠡᠰᠢᠬᠦᠨ ᠲᠠᠢ᠃ ᠨᠤᠷᠪᠤᠰᠠᠩ ᠨᠦᠬᠦᠷ ᠶᠠᠭᠤᠨ ᠤ ᠤᠷᠢᠳ ᠬᠤᠪᠢᠳᠠᠨ ᠬᠠᠷᠢᠭᠤᠴᠠᠵᠤ ᠪᠠᠶᠢᠭ᠎ᠠ ᠳᠤᠭᠤᠷᠢᠭ ᠤᠨ ᠢᠶᠠᠨ | ᠮᠠᠯᠴᠢᠨ ᠲᠦᠮᠡᠨ ᠳᠤ ᠨᠠᠮ ᠤᠨ ᠠᠯᠢ ᠤᠯᠠᠨ ᠲᠦᠷᠦ ᠶᠢᠨ ᠪᠤᠳᠤᠯᠭ᠎ᠠ ᠶᠢ ᠤᠬᠠᠭᠤᠯᠤᠨ ᠳᠤᠭᠤᠶᠢᠯᠠᠩ ᠤᠨ ᠬᠤᠷᠠᠯ | ᠰᠤᠷᠤᠯᠴᠠᠯᠭ᠎ᠠ ᠢ ᠴᠢᠩᠭᠠᠳᠬᠠᠵᠤ᠂ ᠡᠯ᠎ᠡ ᠵᠦᠢᠯ ᠤᠨ ᠠᠵᠢᠯ ᠳᠤ ᠤᠷᠤᠯᠴᠠᠬᠤ ᠢᠳᠡᠪᠬᠢᠵᠢᠯ ᠢ ᠳᠠᠶᠢᠴᠢᠯᠠᠵᠤ ᠴᠢᠳᠠᠭᠰᠠᠨ | ᠪᠦᠭᠡᠳ 2018 ᠤᠨ ᠳᠤ ᠦᠪᠡᠷ ᠤᠨ ᠭᠡᠷ ᠲᠡᠭᠡᠨ ︽ᠡᠷᠳᠡᠮ ᠤᠨ ᠬᠡᠳᠡ︾ ᠬᠡᠬᠦ ᠰᠤᠶᠤᠯ ᠤᠨ ᠦᠷᠦᠭᠡ ᠪᠠᠶᠢᠭᠤᠯᠵᠤ᠂ | ᠦᠪᠡᠷ ᠲᠤ ᠪᠠᠨ ᠵᠤᠭᠤᠰ ᠭᠠᠷᠭᠠᠵᠤ᠂ ᠨᠤᠮ ᠤᠨ ᠦᠷᠦᠬᠡᠨ ᠳᠡᠭᠡᠨ ᠡᠯ᠎ᠡ ᠵᠦᠢᠯ ᠤᠨ ᠰᠤᠨᠢᠨ ᠰᠡᠳᠬᠦᠯ᠂ ᠨᠤᠮ ᠳᠡᠪᠳᠡᠷ᠂ | ᠬᠡᠤᠬᠡᠳ ᠤᠨ ᠤᠷᠠᠨ ᠵᠤᠬᠢᠶᠠᠯ᠂ ᠦᠯᠢᠬᠡᠷ ᠲᠡᠤᠬᠡ᠂ ᠤᠳᠬ᠎ᠠ ᠵᠤᠬᠢᠶᠠᠯ᠂ ᠨᠠᠮ ᠤᠨ ᠰᠤᠨᠢᠨ ᠰᠡᠳᠬᠦᠯ ᠪᠠ ᠬᠢᠳᠠᠳ | ᠮᠤᠩᠭᠤᠯ ᠰᠡᠳᠬᠦᠯ ᠵᠡᠷᠭᠡ ᠨᠡᠶᠢᠳᠡ 6000 ᠭᠠᠷᠤᠢ ᠨᠤᠮ ᠲᠡᠪᠳᠡᠷ ᠲᠠᠢ ᠰᠤᠶᠤᠯ ᠤᠨ ᠦᠷᠦᠬᠡ ᠭᠠᠷᠭᠠᠵᠤ᠂ ᠬᠦᠳᠡᠭᠡ | ᠨᠤᠲᠤᠭ ᠤᠨ ᠢᠶᠠᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠵᠤᠨ ᠡᠪᠦᠯ ᠤᠨ ᠰᠤᠷᠭᠠᠭᠤᠯᠢ ᠶᠢᠨ ᠠᠮᠠᠷᠠᠯᠳᠠ ᠶᠢᠨ | ᠬᠤᠭᠤᠴᠠᠭᠠᠨ ᠳᠤ ᠰᠤᠷᠤᠭᠴᠢᠳ ᠲᠤ ᠨᠤᠮ ᠤᠩᠰᠢᠬᠤ᠂ ᠳᠠᠰᠬᠠᠯ ᠬᠢᠬᠦ ᠳᠤ ᠳᠤᠰᠠᠯᠠᠮᠵᠢ ᠬᠠᠩᠭᠠᠵᠤ᠂ ᠤᠶᠢᠷ᠎ᠠ ᠬᠠᠪᠢ | ᠶᠢᠨ ᠮᠠᠯᠴᠢᠳ ᠤᠨ ᠴᠢᠯᠦᠭᠡ ᠵᠠᠪ ᠪᠠᠷ ᠢᠷᠡᠵᠦ ᠨᠤᠮ ᠤᠩᠰᠢᠬᠤ ᠪᠠ ᠨᠤᠮ ᠵᠢᠬᠡᠯᠡᠵᠦ ᠦᠵᠡᠬᠦ᠂ ᠮᠠᠲ᠋ᠧᠷᠢᠶᠡᠯ ᠡᠷᠢᠬᠦ ᠵᠡᠷᠭᠡ | ᠠᠵᠢᠯ ᠳᠤ ᠨᠢ ᠳᠤᠰᠠ ᠪᠤᠯᠳᠠᠭ ᠪᠠᠶᠢᠨ᠎ᠠ᠃ | 2023 ᠤᠨ ᠤ 7 ᠳ᠋ᠤᠭᠠᠷ ᠰᠠᠷ᠎ᠠ ᠳᠤ᠂ ᠵᠠᠰᠠᠮᠠᠯ ᠵᠠᠮ ᠤᠶᠢᠷᠬᠠᠨ ᠠᠰᠢᠭ ᠲᠠᠢ ᠨᠦᠬᠦᠴᠡᠯ ᠪᠠᠶᠢᠳᠠᠯ ᠢᠶᠠᠨ | ᠦᠨᠳᠦᠰᠦᠯᠡᠨ ᠦᠪᠡᠷ ᠤᠨ ᠰᠠᠭᠤᠷᠢᠰᠢᠯ ᠳᠡᠭᠡᠷ᠎ᠡ ᠪᠠᠨ ︽ᠠᠮᠤᠭᠤᠯᠠᠩ ᠬᠦᠳᠡᠭᠡ︾ ᠬᠡᠬᠦ ᠭᠡᠷ ᠪᠦᠯᠢ ᠶᠢᠨ ᠵᠤᠭᠠᠴᠠᠯ ᠤᠨ | ᠭᠠᠵᠠᠷ ᠭᠠᠷᠭᠠᠵᠤ᠂ ᠤᠶᠢᠷ᠎ᠠ ᠤᠷᠴᠢᠮ ᠤᠨ ᠠᠶᠢᠯ ᠣᠰᠣᠨ ᠤ ᠬᠢ ᠲᠠᠢ ᠪᠠᠨ ᠬᠠᠮᠵᠢᠯᠴᠠᠨ ᠭᠠᠳᠠᠨ᠎ᠠ ᠤᠷᠤᠨ ᠭᠠᠵᠠᠷ | ᠠᠴᠠ ᠵᠤᠭᠠᠴᠠᠭᠰᠠᠳ ᠢᠷᠡᠵᠦ᠂ ᠮᠤᠷᠢ᠂ ᠳᠡᠮᠡᠭᠡ ᠤᠨᠤᠬᠤ ᠭᠡᠪᠡᠯ ᠠᠶᠢᠯ ᠵᠡᠷᠭᠡᠯᠡᠳᠡᠭᠡ ᠠᠴᠠ ᠪᠠᠨ ᠮᠤᠷᠢ ᠳᠡᠮᠡᠭᠡ ᠶᠢ ᠨᠢ | ᠦᠨ᠎ᠡ ᠦᠷᠳᠡᠭ ᠲᠠᠢ ᠬᠡᠷᠡᠭᠯᠡᠨ᠂ ᠪᠠᠰᠠ ᠭᠠᠴᠠᠭᠠᠨ ᠤ ᠬᠤᠶᠠᠷ ᠡᠷᠦᠬᠡ ᠠᠴᠠ ᠵᠤᠭᠠᠴᠠᠯ ᠤ ᠭᠠᠵᠠᠷ ᠳᠠᠭᠠᠨ ᠰᠦ᠂ ᠴᠠᠭᠠᠨ | ᠢᠳᠡᠭᠡ ᠶᠢ ᠬᠤᠳᠠᠯᠳᠤᠨ ᠠᠪᠴᠤ ᠵᠤᠭᠠᠴᠠᠯ ᠳᠠᠭᠠᠨ ᠬᠡᠷᠡᠭᠯᠡᠬᠦ ᠶᠢᠨ ᠬᠠᠮᠲᠤ ᠳᠤᠰ ᠬᠤᠶᠠᠷ ᠡᠷᠦᠬᠡ ᠶᠢᠨ ᠴᠠᠭᠠᠨ ᠢᠳᠡᠭᠡ ᠶᠢ | ᠨᠢ ᠪᠣᠷᠣᠯᠭᠤᠯᠣᠨ ᠦᠭᠴᠦ᠂ ᠬᠠᠮᠲᠤ ᠪᠠᠷ ᠠᠰᠢᠭ ᠬᠦᠷᠳᠡᠵᠦ᠂ ᠬᠠᠭᠠᠰ ᠵᠢᠯ ᠤᠨ ᠬᠤᠭᠤᠴᠠᠭᠠᠨ ᠳᠤ ᠵᠤᠭᠠᠴᠠᠯ ᠤᠨ | ᠤᠷᠤᠯᠭ᠎ᠠ ᠨᠢ 8 ᠲᠦᠮᠡᠨ ᠲᠦᠭᠦᠷᠢᠭ ᠲᠤ ᠬᠦᠷᠴᠦ᠂ ᠡᠬᠦᠨ ᠤ ᠳᠠᠭᠠᠤ ᠵᠤᠭᠤᠴᠠᠭᠰᠠᠳ ᠲᠤ ᠮᠤᠩᠭᠤᠯ ᠦᠨᠳᠦᠰᠦᠳᠡᠨ ᠤ | ᠨᠡᠬᠦᠳᠡᠯ ᠮᠠᠯᠵᠢᠯ ᠤᠨ ᠰᠤᠶᠤᠯ ᠤᠨ ᠳᠤᠬᠠᠢ ᠵᠠᠩ ᠵᠠᠩᠰᠢᠯ ᠤᠨ ᠳᠤᠬᠠᠢ ᠳᠠᠨᠢᠯᠴᠠᠭᠤᠯᠳᠠᠭ ᠪᠠᠶᠢᠪᠠ᠃ | 2022 ᠤᠨ ᠳᠤ ᠰᠤᠮᠤᠨ ᠠᠴᠠ ᠨᠢ ᠨᠤᠷᠪᠤᠰᠠᠩ ᠨᠦᠬᠦᠷ ᠢ ᠰᠤᠮᠤᠨ ᠤ ᠴᠠᠭᠠᠨ ᠮᠤᠷᠢᠲᠦ ᠡᠷᠦᠬᠡ ᠶᠢᠨ ᠴᠡᠷᠢᠭ ᠤᠨ | ᠬᠤᠶᠠᠳᠤᠭᠠᠷ ᠳᠠᠰᠤᠭ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠭᠤᠯᠵᠠᠢ᠂ ᠲᠡᠷᠡᠪᠡᠷ ᠳᠠᠰᠤᠭ ᠤᠨ ᠢᠶᠠᠨ ᠡᠯ᠎ᠡ ᠲᠠᠯ᠎ᠠ | ᠶᠢᠨ ᠠᠵᠢᠯ ᠢ ᠪᠦᠷᠢᠨᠰᠢᠬᠦᠯᠵᠦ᠂ 4 ᠭᠠᠴᠠᠭ᠎ᠠ ᠶᠢᠨ 30 ᠨᠡᠷ᠎ᠡ ᠵᠠᠯᠠᠭᠤᠴᠤᠳ ᠢᠶᠠᠷ ᠪᠦᠷᠢᠯᠳᠦᠭᠰᠡᠨ ᠴᠠᠭᠠᠨ ᠮᠤᠷᠢᠲᠦ | ᠡᠷᠦᠬᠡ ᠶᠢᠨ ᠴᠡᠷᠢᠭ ᠵᠤᠬᠢᠶᠠᠨ ᠪᠠᠶᠢᠭᠤᠯᠵᠤ᠂ ᠳᠤᠭᠳᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯ ᠰᠤᠷᠤᠯᠴᠠᠯᠭ᠎ᠠ ᠬᠢᠵᠦ᠂ | ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠤᠬᠠᠢ ᠪᠢᠴᠢᠭ ᠮᠠᠲ᠋ᠧᠷᠢᠶᠠᠯ ᠢ ᠰᠤᠷᠤᠯᠴᠠᠭᠤᠯᠬᠤ ᠶᠢᠨ ᠳᠠᠭᠠᠤ ᠲᠣᠰᠠᠬᠠᠢ | ᠮᠤᠩᠭᠤᠯ ᠭᠡᠷ ᠭᠠᠷᠭᠠᠵᠤ 1961 ᠤᠨ ᠠᠴᠠ ᠨᠠᠭᠠᠰᠢᠬᠢ 2023 ᠤᠨ ᠬᠦᠷᠳᠡᠯᠡᠬᠢ ᠤᠤᠯ ᠤᠨ ᠴᠠᠭᠠᠨ ᠮᠤᠷᠢᠲᠤ ᠡᠷᠦᠬᠡ | ᠶᠢᠨ ᠴᠡᠷᠢᠭ ᠤᠨ ᠠᠬᠠᠮᠳ ᠪᠠᠶᠢᠯᠳᠤᠭᠴᠢ ᠤᠨ ᠬᠡᠷᠡᠯ ᠵᠢᠷᠤᠭ᠂ ᠳᠡᠤᠬᠡ ᠨᠠᠮᠳᠠᠷ ᠢ ᠡᠮᠬᠢᠳᠭᠡᠨ ᠴᠤᠭᠯᠠᠭᠤᠯᠵᠤ᠂ ᠳᠤᠬᠠᠢ ᠶᠢᠨ | ᠴᠠᠭ ᠤᠨ ᠦᠶ᠎ᠡ ᠶᠢᠨ ᠢᠷᠠᠭᠤ ᠠᠯᠳᠠᠷᠲᠤ ᠦᠢᠯᠡ ᠠᠵᠢᠯᠯᠠᠭ᠎ᠠ ᠪᠠ ᠬᠠᠮᠢᠶ᠎ᠠ ᠪᠦᠬᠦᠢ ᠵᠢᠷᠤᠭ ᠪᠢᠴᠢᠯᠭᠡ ᠶᠢ ᠰᠤᠷᠤᠭᠴᠢᠳ᠂ | ᠭᠡᠷ ᠤᠨ ᠠᠬᠠᠮᠠᠳ ᠪᠤᠯᠤᠨ ᠳᠤᠭᠤᠷᠢᠨ ᠵᠤᠭᠠᠴᠠᠭᠰᠠᠳ ᠲᠤ ᠳᠡᠯᠭᠡᠨ ᠦᠵᠡᠬᠦᠯᠭᠡ ᠭᠠᠷᠭᠠᠨ ᠳᠠᠨᠢᠯᠴᠠᠭᠤᠯᠳᠠᠭ ᠪᠦᠭᠡᠳ ᠳᠤᠰ | ᠳᠠᠰᠤᠭ ᠨᠢ ᠪᠠᠰᠠ ᠨᠡᠶᠢᠭᠡᠮ ᠤᠨ ᠠᠮᠤᠷ ᠳᠦᠪᠰᠢᠨ ᠢ ᠬᠠᠮᠠᠭᠠᠯᠠᠬᠤ᠂ ᠤᠯᠠᠷᠢᠯ ᠤᠨ ᠴᠢᠨᠠᠷᠳᠠᠢ ᠭᠠᠯ ᠰᠡᠷᠬᠡᠶᠢᠯᠡᠬᠦ ᠠᠵᠢᠯ ᠤᠨ | ᠤᠬᠠᠭᠤᠯᠭ᠎ᠠ ᠬᠢᠬᠦ᠂ ᠭᠠᠮᠰᠢᠭ ᠠᠴᠠ ᠠᠪᠤᠷᠠᠬᠤ᠂ ᠤᠯᠠᠨ ᠲᠦᠮᠡᠨ ᠳᠤ ᠦᠢᠯᠡᠴᠢᠯᠡᠬᠦ ᠰᠠᠶᠢᠨ ᠳᠤᠷ᠎ᠠ ᠶᠢᠨ ᠠᠵᠢᠯᠯᠠᠭ᠎ᠠ | ᠦᠷᠨᠢᠬᠦᠯᠬᠦ ᠳᠤ ᠢᠳᠡᠪᠬᠢᠳᠡᠢ ᠣᠷᠣᠯᠴᠠᠳᠠᠭ ᠪᠠᠶᠢᠨ᠎ᠠ᠃ | ᠨᠤᠷᠪᠤᠰᠠᠩ ᠨᠦᠬᠦᠷ ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ ᠮᠠᠯᠴᠢᠨ ᠲᠦᠮᠡᠨ ᠢᠶᠠᠨ ᠳᠠᠶᠢᠴᠢᠯᠠᠨ | ᠳᠠᠭᠠᠭᠤᠯᠵᠤ᠂ ᠨᠠᠮ ᠤᠨ ᠠᠯᠢ ᠤᠯᠠᠨ ᠲᠦᠷᠦ ᠶᠢᠨ ᠪᠤᠳᠤᠯᠭ᠎ᠠ ᠶᠢ ᠤᠬᠠᠭᠤᠯᠤᠨ ᠳᠤᠤᠱᠯᠠᠭᠤᠯᠵᠤ᠂ ᠰᠢᠨᠵᠢᠯᠡᠬᠦ ᠤᠬᠠᠭᠠᠨᠴᠢ | ᠪᠠᠷ ᠮᠠᠯ ᠮᠠᠯᠵᠢᠨ᠂ ᠮᠠᠯ ᠰᠦᠷᠦᠭ ᠤᠨ ᠡᠬᠦᠯᠳᠡᠷ ᠤᠭᠰᠠᠭ᠎ᠠ ᠶᠢ ᠰᠠᠶᠢᠵᠢᠷᠠᠭᠤᠯᠵᠤ᠂ ᠠᠮᠢ ᠠᠬᠤᠢ ᠶᠢ ᠬᠠᠮᠠᠭᠠᠯᠠᠵᠤ᠂ | ᠨᠤᠲᠤᠭ ᠪᠡᠯᠴᠢᠭᠡᠷ ᠤᠨ ᠳᠠᠭᠠᠭᠠᠴᠠ ᠳᠤ ᠳᠤᠬᠢᠷᠠᠭᠤᠯᠤᠨ ᠮᠠᠯᠵᠢᠬᠤ ᠶᠢ ᠪᠠᠷᠢᠮᠳᠠᠯᠠᠨ᠂ ᠤᠯᠠᠨ ᠲᠦᠷᠦᠯ ᠢ ᠡᠵᠡᠩᠨᠡᠬᠦ ᠵᠠᠮ ᠢ | ᠪᠠᠷᠢᠮᠳᠠᠯᠠᠨ ᠤᠷᠤᠯᠭ᠎ᠠ ᠪᠠᠨ ᠨᠡᠮᠡᠭᠳᠡᠬᠦᠯᠵᠦ᠂ ᠠᠮᠢ ᠠᠬᠤᠢ ᠪᠠ ᠮᠠᠯ ᠠᠵᠤ ᠠᠬᠤᠢ ᠶᠢᠨ ᠬᠤᠤᠰ ᠦᠷ᠎ᠡ ᠠᠰᠢᠭ ᠢ ᠣᠯᠬᠤ | ᠵᠠᠮ ᠢᠶᠠᠷ ᠣᠯᠠᠨ ᠢᠶᠠᠨ ᠲᠠᠶᠢᠴᠢᠯᠠᠵᠣ ᠶᠠᠪᠣᠨ᠎ᠠ᠃ | |