ᠪᠠᠷᠠᠭᠤᠨ ᠦᠵᠦᠮᠦᠴᠢᠨ ᠬᠤᠰᠢᠭᠤ ᠣᠯᠠᠨ ᠲᠦᠮᠡᠨ ᠳᠤ ᠦᠢᠯᠡᠴᠢᠯᠡᠭᠡ ᠬᠦᠷᠲᠡᠭᠡᠨ᠎ᠡ
ᠨᠡᠶᠢᠲᠡᠯᠡᠭᠰᠡᠨ ᠴᠠᠭ᠄
2024/4/23
   ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡ  ᠴᠣᠭᠴᠠᠵᠢᠭᠤᠯᠤᠭᠰᠠᠨ ᠠᠵᠢᠯᠯᠠᠭᠠᠨ ᠤ ᠲᠥᠪ ᠲᠤ ᠲᠦᠰᠢᠭᠯᠡᠨ᠂ ᠨᠠᠮᠴᠢ ᠴᠢᠨᠠᠷ ᠤᠨ ᠪᠣᠯᠪᠠᠰᠤᠷᠠᠯ᠂ ᠣᠨᠣᠯ ᠤᠨ ᠰᠤᠷᠤᠯᠴᠠᠯᠭ᠎ᠠ᠂ ᠬᠡᠪ ᠴᠢᠨᠠᠷ ᠤᠨ ᠪᠣᠯᠪᠠᠰᠤᠷᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ ᠶᠢ ᠬᠦᠴᠦᠯᠡᠨ ᠪᠠᠶᠢᠭᠤᠯᠵᠤ᠂ 2023 ᠣᠨ ᠤ ᠰᠡᠭᠦᠯᠴᠢ ᠪᠠᠷ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠬᠤᠰᠢᠭᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠣᠯᠠᠨ ᠲᠦᠮᠡᠨ ᠳᠤ ᠨᠡᠶᠢᠲᠡ 2 ᠲᠦᠮᠡ ᠭᠠᠷᠤᠢ ᠬᠥᠮᠥᠨ ᠤᠳᠠᠭ᠎ᠠ ᠦᠢᠯᠡᠴᠢᠯᠡᠵᠦ᠂ ᠲᠠᠯ᠎ᠠ ᠨᠤᠲᠤᠭ ᠤᠨ ᠠᠷᠠᠳ ᠲᠦᠮᠡᠨ ᠤ ᠳᠡᠷᠭᠡᠳᠡᠬᠢ ᠦᠢᠯᠡᠴᠢᠯᠡᠭᠡᠨ ᠤ ᠹᠷᠣᠨᠲ ᠪᠣᠯᠣᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠷᠦᠩᠬᠡᠢ ᠲᠠᠯᠠᠪᠠᠶ ᠨᠢ 5037 ᠬᠠᠪᠲᠠᠭᠠᠢ ᠳᠥᠷᠪᠡᠯᠵᠢᠨ ᠮᠧᠲᠷ ᠪᠠᠶᠢᠵᠤ᠂ ︽ᠬᠤᠶᠠᠷ ᠲᠠᠩᠬᠢᠮ ᠬᠤᠶᠠᠷ ᠲᠣᠭᠤᠷᠢᠭ ᠬᠤᠶᠠᠷ ᠣᠷᠳᠣᠨ︾ ︵ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠠᠩᠬᠢᠮ᠂ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠦᠵᠡᠭᠦᠯᠦᠯᠭᠡ ᠶᠢᠨ ᠲᠠᠩᠬᠢᠮ᠂ ᠨᠠᠮ ᠪᠠ ᠣᠯᠠᠨ ᠲᠦᠮᠡᠨ ᠤ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠣᠭᠤᠷᠢᠭ᠂ ᠨᠠᠮ ᠪᠠ ᠣᠯᠠᠨ ᠲᠦᠮᠡᠨ ᠤ ᠬᠠᠮᠲᠤ ᠪᠠᠷ ᠡᠳ᠋ᠯᠡᠬᠦ ᠨᠣᠮ ᠤᠩᠰᠢᠬᠤ ᠲᠣᠭᠤᠷᠢᠭ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠣᠷᠳᠣᠨ᠂ ᠨᠠᠮ ᠤᠨ ᠭᠡᠰᠢᠭᠦᠨ ᠤ ᠬᠥᠮᠦᠵᠢᠯ ᠤᠨ ᠣᠷᠳᠣᠨ︶ ᠲᠣᠬᠢᠷᠠᠭᠤᠯᠪᠠ᠃ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ᠂ ᠨᠡᠶᠢᠭᠡᠮ ᠤᠨ ᠪᠦᠯᠬᠦᠮ ᠤᠨ ᠨᠠᠮ ᠤᠨ ᠭᠡᠰᠢᠭᠦᠨ ᠣᠯᠠᠨ ᠲᠦᠮᠡᠨ ᠳᠠᠷᠠᠭᠠᠯᠠᠨ ᠢᠷᠡᠵᠦ ᠲᠣᠭᠤᠷᠢᠨ ᠰᠤᠷᠤᠯᠴᠠᠭᠰᠠᠨ ᠪᠥᠭᠡᠳ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠣᠯᠠᠨ ᠲᠦᠮᠡᠨ ᠤ ᠪᠦᠯᠬᠦᠮ ᠤᠨ ᠠᠵᠢᠯᠯᠠᠭ᠎ᠠ᠂ ᠬᠥᠮᠦᠵᠢᠯ ᠪᠣᠯᠪᠠᠰᠤᠷᠠᠯ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃      ᠣᠶᠢᠷ᠎ᠠ ᠳᠤ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠬᠦ ᠳᠤ᠂ ᠲᠠᠶᠢᠯᠪᠤᠷᠢᠯᠠᠭᠴᠢ ᠾᠸᠥ ᠷᠠᠨ ᠷᠠᠨ ᠶᠠᠭ ᠲᠣᠭᠤᠷᠢᠨ ᠰᠤᠷᠤᠯᠴᠠᠵᠤ ᠪᠠᠶᠢᠭ᠎ᠠ ᠨᠠᠮ ᠤᠨ ᠭᠡᠰᠢᠭᠦᠨ ᠪᠣᠯᠣᠨ ᠣᠯᠠᠨ ᠲᠦᠮᠡᠨ ᠳᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠴᠢᠳᠠᠮᠵᠢ ᠶᠢ ᠲᠠᠨᠢᠯᠴᠠᠭᠤᠯᠪᠠ᠃ ᠡᠯ᠎ᠡ ᠲᠥᠷᠥᠯ ᠤᠨ ᠰᠦᠯᠵᠢᠶᠡᠨ ᠳᠦᠬᠦᠭᠡᠷᠦᠮᠵᠢ᠂ ᠡᠷᠡᠭᠦᠯ ᠮᠡᠨᠳᠦ ᠶᠢ ᠪᠠᠶᠢᠴᠠᠭᠠᠨ ᠰᠢᠯᠭᠠᠬᠤ ᠲᠥᠬᠦᠭᠡᠷᠦᠮᠵᠢ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ    ᠲᠠᠪᠴᠠᠩ᠂ VR ᠪᠡᠶᠡᠴᠢᠯᠡᠨ ᠣᠶᠢᠯᠠᠭᠠᠬᠤ ᠳᠦᠬᠦᠭᠡᠷᠦᠮᠵᠢ᠂ ᠬᠤᠪᠢᠰᠬᠠᠯᠲᠤ ᠺᠢᠨᠣ᠋ ᠲᠢᠶᠠᠲᠷ᠂ ᠺᠣᠳ᠋ ᠰᠢᠷᠪᠢᠵᠦ ᠳᠠᠭᠤᠤ ᠰᠣᠨᠣᠰᠬᠤ ᠵᠡᠷᠭᠡ ᠴᠢᠳᠠᠮᠵᠢᠲᠤ ᠣᠷᠣᠨ ᠳᠤ ᠲᠦᠰᠢᠭᠯᠡᠨ᠂ ᠨᠠᠮ ᠤᠨ ᠭᠡᠰᠢᠭᠦᠨ ᠣᠯᠠᠨ ᠲᠦᠮᠡᠨ ᠳᠤ ᠣᠯᠠᠨ ᠠᠷᠭ᠎ᠠ ᠬᠡᠯᠪᠡᠷᠢ ᠪᠦᠬᠦᠢ ᠣᠶᠤᠨᠴᠢᠯᠠᠭᠰᠠᠨ᠂ ᠪᠦᠬᠦᠯᠢ ᠡᠳᠦᠷ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠬᠠᠩᠭᠠᠪᠠ᠃ ︽ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ ᠪᠣᠯᠤᠭᠰᠠᠨ ᠠᠴᠠ ᠨᠠᠰᠢ ᠪᠢ ᠦᠷᠭᠦᠯᠵᠢ ᠢᠷᠡᠵᠦ ᠨᠣᠮ ᠦᠵᠡᠵᠦ ᠰᠤᠷᠤᠯᠴᠠᠳᠠᠭ ᠪᠣᠯᠤᠭᠰᠠᠨ᠃ ᠠᠳᠡᠬᠢ ᠨᠣᠮ ᠪᠢᠴᠢᠭ ᠣᠯᠠᠨ ᠮᠥᠷᠲᠡᠭᠡᠨ ᠪᠠᠰᠠ ᠦᠷᠭᠦᠯᠵᠢ‌ᠮᠠᠰᠢ ᠣᠯᠠᠨ ᠵᠦᠢᠯ ᠤᠨ ᠠᠵᠢᠯᠯᠠᠭ᠎ᠠ ᠬᠥᠳᠡᠯᠭᠡᠭᠡᠨ ᠥᠷᠨᠢᠭᠦᠯᠵᠦ ᠪᠠᠶᠢᠳᠠᠭ᠃ ᠮᠠᠨ ᠤ ᠳᠡᠷᠭᠡᠳᠡ ᠡᠶᠢᠮᠦ ᠰᠠᠶᠢᠬᠠᠨ ᠦᠢᠯᠡᠴᠢᠯᠡᠭᠡᠨ ᠤ ᠲᠥᠪ ᠲᠠᠢ ᠪᠣᠯᠣᠭᠰᠠᠨ ᠨᠢ ᠮᠠᠰᠢ ᠰᠠᠶᠢᠨ ᠶᠠᠪᠤᠳᠠᠯ︾ ᠭᠡᠵᠦ ᠰᠤᠯᠠ ᠰᠡᠯᠡᠭᠦᠦ ᠴᠠᠭ ᠢᠶᠠᠷ ᠢᠶᠠᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠵᠦᠮᠦᠴᠢᠨ ᠨᠣᠮ ᠤᠨ ᠪᠠᠭᠠᠷ ᠲᠤ ᠢᠷᠡᠵᠦ ᠰᠤᠷᠤᠯᠴᠠᠳᠠᠭ ᠨᠠᠶᠢᠵᠠ ᠨᠠᠷ ᠶᠠᠷᠢᠵᠤ ᠪᠠᠶᠢᠯ᠎ᠠ᠃     ︽ᠵᠢᠵᠢᠭ ᠦᠢᠯᠡᠴᠢᠯᠡᠭᠡᠨ ᠤ ᠲᠥᠪ︾ ᠨᠢ ︽ᠶᠡᠭᠡ ᠦᠢᠯᠡᠴᠢᠯᠡᠭᠡ︾ ᠶᠢ ᠠᠴᠢᠶᠠᠯᠠᠵᠤ ᠪᠠᠶᠢᠳᠠᠭ᠃ ᠬᠤᠰᠢᠭᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠦᠢᠯᠡᠴᠢᠯᠡᠭᠡᠨ ᠤ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠨ ᠦᠢᠯᠡᠴᠢᠯᠡᠬᠦ︾ ᠦᠢᠯᠡᠴᠢᠯᠡᠭᠡᠨ ᠤ ᠵᠠᠭᠪᠤᠷ ᠢ ᠳᠠᠶᠢᠴᠢᠯᠠᠨ ᠪᠡᠶᠡᠯᠡᠭᠦᠯᠵᠦ᠂ ᠭᠦᠢᠴᠡᠳᠬᠡᠬᠦ ᠨᠣᠷᠮ᠎ᠠ ᠪᠠᠷ ᠥᠨᠳᠥᠷ ᠵᠦᠢᠯᠡᠰ ᠲᠤ ︽ᠲᠥᠪᠯᠡᠷᠡᠭᠦᠯᠦᠨ ᠦᠢᠯᠡᠴᠢᠯᠡᠬᠦ︾᠂ ᠣᠨᠴᠠᠭᠠᠶ ᠪᠠᠶᠢᠳᠠᠯ ᠳᠤ ︽ᠭᠡᠷ ᠲᠤᠨᠢ ᠬᠦᠷᠴᠦ ᠦᠢᠯᠡᠴᠢᠯᠡᠬᠦ︾᠂ ᠡᠷᠲᠡ ᠣᠷᠣᠢ ︽ᠴᠠᠭ ᠤᠷᠲᠤᠳᠬᠠᠵᠤ ᠦᠢᠯᠡᠴᠢᠯᠡᠬᠦ︾᠂ ᠣᠨᠳᠣᠣ ᠭᠠᠵᠠᠷ ᠲᠤ ︽ᠣᠷᠣᠨ ᠪᠦᠰᠡ ᠠᠯᠤᠰᠯᠠᠭᠰᠠᠨ ᠦᠢᠯᠡᠴᠢᠯᠡᠭᠡ︾ ᠶᠢ ᠪᠡᠶᠡᠯᠡᠭᠦᠯᠵᠡᠢ᠃ ᠤᠷᠢᠳ ᠬᠤᠵᠢᠳ ︽ᠮᠥᠩᠬᠡ ᠰᠤᠪᠠᠭ᠂ ᠲᠠᠨ ᠳᠤ ᠬᠠᠪᠰᠤᠷᠤᠨ ᠭᠦᠢᠴᠡᠳᠬᠡᠬᠦ︾ ᠨᠢᠭᠡ ᠥᠷᠲᠡᠭᠡᠨ ᠤ ᠬᠡᠯᠪᠡᠷᠢ ᠶᠢᠨ ᠦᠢᠯᠡᠴᠢᠯᠡᠭᠡᠨ ᠤ ᠠᠵᠢᠯ ᠤᠨ ᠥᠷᠲᠡᠭᠡ᠂ ᠠᠵᠤ ᠠᠬᠤᠶᠢᠯᠠᠯ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠤᠰᠬᠠᠢ ᠣᠷᠣᠨ᠂ ︽ᠳᠦᠭᠦᠮ ᠦᠢᠯᠡᠴᠢᠯᠡᠭᠡ ᠶᠢᠨ ᠵᠠᠬᠢᠳᠠᠯ ᠤᠨ ᠬᠠᠶᠢᠷᠴᠠᠭ ︾ ︽ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠡᠯᠡᠭᠡᠨ ᠤ ᠫᠠᠶᠢᠰᠠ︾ ᠵᠡᠷᠭᠡ ᠦᠢᠯᠡᠴᠢᠯᠡᠭᠡᠨ ᠤ ᠠᠭᠤᠯᠭ᠎ᠠ ᠶᠢ  ᠭᠠᠷᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠳᠤᠲᠠᠭᠤ ᠭᠦᠶᠦᠬᠦ᠂ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ ᠪᠠᠶᠢᠬᠤ ᠶᠢ ᠪᠡᠶᠡᠯᠡᠭᠦᠯᠵᠦ᠂ ︽ᠨᠠᠮ ᠤᠨ ᠪᠠᠶᠢᠭᠤᠯᠤᠯᠲᠠ + ᠵᠠᠰᠠᠭ ᠤᠨ ᠶᠠᠪᠤᠳᠠᠯ︾ ᠤᠨ ᠭᠦᠨᠵᠡᠭᠡᠢ ᠠᠭᠤᠰᠤᠯᠴᠠᠯ ᠢ ᠪᠥᠬᠦ ᠲᠠᠯ᠎ᠠ ᠪᠠᠷ ᠠᠬᠢᠭᠤᠯᠤᠨ᠂ ᠨᠠᠮ ᠤᠨ ᠭᠡᠰᠢᠭᠦᠨ ᠣᠯᠠᠨ ᠲᠦᠮᠡᠨ ᠳᠤ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠪᠠ᠃     ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠡᠬᠢ ᠪᠠᠶᠠᠯᠢᠭ ᠢᠶᠠᠨ ᠰᠠᠶᠢᠲᠤᠷ ᠠᠰᠢᠭᠯᠠᠵᠤ᠂ ᠨᠠᠮ ᠤᠨ ᠭᠡᠰᠢᠭᠦᠨ᠂ ᠣᠯᠠᠨ ᠲᠦᠮᠡᠨ ᠳᠤ ᠪᠣᠳᠠᠲᠤ ᠬᠡᠷᠡᠭᠴᠡᠭᠡ ᠲᠠᠢ ᠦᠢᠯᠡᠴᠢᠯᠡᠭᠡᠨ ᠤ ᠭᠠᠵᠠᠷ ᠢ ᠰᠡᠳᠬᠢᠯ ᠲᠠᠯᠪᠢᠨ ᠴᠣᠭᠴᠠᠯᠠᠨ ᠪᠠᠶᠢᠭᠤᠯᠵᠠᠢ᠃ ᠬᠤᠶᠢᠰᠢᠳᠠ᠂ ᠪᠠᠷᠠᠭᠤᠨ ᠦᠵᠦᠮᠦᠴᠢᠨ ᠬᠤᠰᠢᠭᠤ ᠨᠢ ᠦᠷᠭᠦᠯᠵᠢᠯᠡᠨ ᠠᠷᠠᠳ ᠤᠨ ᠠᠮᠢᠳᠤᠷᠠᠯ ᠤᠨ ᠠᠵᠢᠯ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ︽ᠳᠡᠭᠡᠳᠦ ᠬᠡᠮᠵᠢᠶᠡᠨ ᠤ᠂ ᠥᠷᠭᠡᠴᠡ ᠲᠠᠢ᠂ ᠭᠦᠨᠴᠡ ᠲᠠᠢ᠂ ᠬᠠᠯᠠᠭᠤᠨ ᠳᠤᠯᠠᠭᠠᠨ᠂ ᠪᠣᠳᠠᠲᠤ ᠬᠡᠷᠡᠭᠴᠡᠭᠡ ᠲᠠᠢ︾ ᠰᠢᠨ᠎ᠡ ᠴᠠᠭ ᠦᠶ᠎ᠡ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠹᠷᠦᠨᠲ ᠢ ᠴᠢᠷᠮᠠᠶᠢᠨ ᠴᠣᠭᠴᠠᠯᠠᠬᠤ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号