ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ ᠰᠤᠷᠤᠯᠴᠠᠯᠭ᠎ᠠ ᠪᠠᠷ ᠬᠡᠷᠡᠭᠵᠢᠭᠦᠯᠦᠯᠲᠡ ᠶᠢ ᠠᠬᠢᠭᠤᠯᠤᠨ᠎ᠠ ︱  ᠪᠠᠷᠠᠭᠤᠨ ᠦᠵᠦᠮᠦᠴᠢᠨ ᠬᠤᠰᠢᠭᠤ ᠠᠯᠪᠠᠲᠠᠨ ᠤ ᠬᠠᠤᠯᠢ ᠶᠢᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︽ᠬᠠᠤᠯᠢ ᠶᠢ ᠰᠤᠷᠤᠯᠴᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠪᠥᠬᠦ ᠬᠤᠰᠢᠭᠤᠨ ᠤ ᠠᠯᠪᠠᠲᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠵᠣ  ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠦᠸᠧ ᠰᠢᠢᠳᠪᠦᠷᠢᠲᠦ ᠤᠷᠤᠯᠳᠤᠭᠠᠨ ᠳᠤ  ᠣᠷᠣᠯᠴᠠᠵᠣ ᠱᠠᠩᠨᠠᠯ ᠭᠠᠷᠳᠠᠭᠤᠯᠪᠠ᠃      ᠪᠥᠬᠦ ᠬᠤᠰᠢᠭᠤᠨ ᠤ ᠡᠯ᠎ᠡ ᠰᠤᠮᠤ  ᠪᠠᠯᠭᠠᠰᠣ᠂ ᠰᠢᠭᠤᠳ ᠬᠠᠷᠢᠶ᠎ᠠ ᠪᠠᠶᠢᠭᠤᠯᠤᠯᠭ᠎ᠠ ᠠᠴᠠ ᠢᠷᠡᠭᠰᠡᠨ 21 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠬᠤᠶᠠᠷ ᠲᠠᠯᠠᠪᠠᠢ ᠬᠤᠪᠢᠶᠠᠵᠤ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠥᠭᠰᠢᠭᠦᠷᠢᠲᠦ ᠰᠡᠳᠦᠪ ᠭᠡᠬᠦ ᠭᠤᠷᠪᠠᠨ ᠵᠦᠢᠯ ᠤᠨ ᠰᠡᠳᠦᠪ ᠤᠨ ᠬᠡᠯᠪᠡᠷᠢ ᠶᠢ ᠲᠣᠬᠢᠷᠠᠭᠤᠯᠵᠤ᠂ ᠬᠡᠪᠴᠢᠶ᠎ᠡ  ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠳᠠᠨ ᠤ ᠬᠠᠤᠯᠢ︾ ᠵᠢᠴᠢ ᠢᠵᠢ ᠪᠦᠷᠢᠳᠦᠭᠰᠡᠨ ᠬᠠᠤᠯᠢ ᠲᠣᠭᠲᠠᠭᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠠᠭᠤᠯᠭ᠎ᠠ ᠶᠢ ᠬᠠᠮᠤᠷᠴᠠᠢ᠃      ᠣᠷᠣᠯᠳᠣᠭᠠᠨ ᠨᠢ 3 ᠡᠭᠡᠯᠵᠢ ᠶᠢᠨ ᠪᠡᠯᠡᠳᠬᠡᠯ ᠤᠷᠤᠯᠳᠤᠭᠠᠨ ᠪᠠ 1 ᠡᠭᠡᠯᠵᠢ ᠶᠢᠨ ᠰᠢᠢᠳᠪᠦᠷᠢᠲᠦ ᠤᠷᠤᠯᠳᠤᠭᠠᠨ ᠤ  ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠨᠢᠭᠡᠳᠦᠭᠡᠷ  ᠨᠡᠷ᠎ᠡ   ᠳᠤ ᠣᠷᠣᠵᠤ᠂ ᠣᠶ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ ᠬᠤᠶᠠᠳᠤᠭᠠᠷ ᠲᠤ ᠣᠷᠣᠵᠤ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠣᠰ ᠲᠣᠰ ᠭᠤᠷᠪᠠᠳᠤᠭᠠᠷ ᠲᠤ ᠣᠷᠣᠵᠠᠢ᠃ ᠡᠭᠦᠨ ᠤ ᠵᠡᠷᠭᠡ ᠳᠤ᠂ 3 ᠣᠷᠣᠯᠴᠠᠭᠴᠢᠳ ᠳᠤ ᠬᠤᠪᠢ ᠬᠥᠮᠥᠨ ᠤ ᠴᠤᠭ ᠵᠢᠪᠬᠤᠭ᠎ᠠ ᠶᠢᠨ ᠱᠠᠩᠨᠠᠯ ᠣᠯᠭᠤᠵᠤ᠂ ᠪᠥᠬᠦ ᠬᠤᠰᠢᠭᠤᠨ ᠤ ︽ᠠᠯᠪᠠᠲᠠᠨ ᠤ ᠬᠠᠤᠯᠢ︾ ᠶᠢ ᠲᠥᠪᠯᠡᠷᠡᠭᠦᠯᠦᠨ ᠰᠤᠷᠤᠯᠴᠠᠵᠤ ᠬᠥᠮᠥᠵᠢᠭᠦᠯᠬᠦ ᠤᠬᠠᠭᠤᠯᠬᠤ ᠰᠠᠷ᠎ᠠ ᠶᠢᠨ ᠠᠵᠢᠯᠯᠠᠭ᠎ᠠ ᠳᠤ ᠬᠠᠯᠠᠭᠤᠨ ᠥᠷᠨᠢᠯᠲᠡ ᠭᠠᠷᠭᠠᠪᠠ᠃ ᠱᠠᠩᠨᠠᠯ ᠣᠯᠭᠤᠬᠤ ᠶᠣᠰᠣᠯᠠᠯ ᠳᠡᠭᠡᠷ᠎ᠡ ᠂ 2023 ᠣᠨ ᠤ ᠪᠥᠬᠦ ᠤᠯᠤᠰ ᠤᠨ ︽ᠬᠠᠮᠤᠭ ᠤᠨ ᠭᠤᠶᠣ ᠠᠯᠪᠠᠲᠠᠨ︾ ᠤ ᠲᠡᠷᠢᠭᠦᠨ ᠤ ᠦᠶᠯᠡ ᠠᠵᠢᠯᠯᠠᠭ᠎ᠠ ᠶᠢᠨ ᠦᠵᠡᠭᠦᠯᠦᠯᠭᠡ ᠶᠢ ᠵᠣᠬᠢᠶᠠᠨ ᠪᠠᠶᠢᠭᠤᠯᠤᠨ ᠦᠵᠡᠵᠦ᠂ ᠥᠷᠭᠡᠨ ᠣᠯᠠᠨ ᠠᠯᠪᠠᠲᠠᠨ ᠤ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠤᠨ᠂ ᠴᠢᠨᠠᠷ ᠰᠠᠶᠢᠲᠠᠢ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠤᠨ ᠳᠠᠶᠢᠴᠢᠯᠠᠪᠠ᠃      ᠲᠣᠰ ᠣᠳᠠᠭᠠᠨ ᠤ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠣ᠂ ᠰᠤᠷᠤᠯᠴᠠᠯᠭ᠎ᠠ ᠪᠠᠷ ᠬᠡᠷᠡᠭᠵᠢᠭᠦᠯᠦᠯᠲᠡ ᠶᠢ ᠠᠬᠢᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠯᠪᠠᠲᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠢᠴᠢ ᠢᠵᠢ ᠪᠦᠷᠢᠳᠦᠭᠰᠡᠨ ᠬᠠᠤᠯᠢ ᠲᠣᠭᠲᠠᠭᠠᠯ ᠢ ᠰᠤᠷᠤᠯᠴᠠᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠠᠯᠪᠠᠲᠠᠨ ᠤ ᠤᠯᠤᠰ ᠲᠥᠷᠥ ᠶᠢᠨ ᠬᠡᠪ ᠴᠢᠨᠠᠷ ᠪᠠ ᠬᠠᠤᠯᠢ ᠪᠠᠷ ᠵᠠᠰᠠᠬᠤ ᠤᠬᠠᠮᠰᠠᠷ ᠢ ᠬᠦᠴᠦᠲᠡᠢ ᠴᠢᠩᠭᠠᠷᠠᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠯᠪᠠᠲᠠᠨ ᠤ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠠᠬᠢᠭᠤᠯᠵᠤ᠂ ᠢᠲᠡᠭᠡᠯ ᠵᠣᠷᠢᠭ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠰᠢᠳᠤᠷᠭᠤ ᠠᠷᠢᠭᠤᠨ ᠴᠢᠬᠡᠴᠢ ᠪᠠᠶᠢᠬᠤ ᠥᠨᠳᠥᠷ ᠬᠡᠪ ᠪᠣᠯᠪᠠᠰᠤᠷᠠᠯ ᠲᠠᠢ ᠠᠯᠪᠠᠲᠠᠨ ᠤ ᠡᠩᠨᠡᠭᠡ ᠶᠢ ᠪᠠᠶᠢᠭᠤᠯᠬᠤ ᠳᠤ ᠰᠠᠭᠤᠷᠢ  ᠲᠠᠯᠪᠢᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号