ᠨᠢᠭᠡ᠂ ᠮᠡᠷᠭᠡᠵᠢᠯ ᠤᠨ ᠲᠣᠶᠢᠮᠣᠴᠢᠯᠠᠯ ᠬᠤᠷᠠᠭ᠎ᠠ ᠵᠢᠴᠢ ᠪᠡᠯᠡᠳᠬᠡᠯ ᠬᠤᠨᠢ ᠪᠣᠯ ᠬᠤᠨᠢᠨ ᠤ ᠠᠵᠤ | ᠦᠢᠯᠡᠰ ᠤᠨ ᠰᠠᠭᠤᠷᠢ ᠪᠣᠯᠣᠨ᠎ᠠ᠃ ᠬᠤᠷᠠᠭ᠎ᠠ ᠪᠣᠶᠢᠵᠢᠭᠤᠯᠬᠤ ᠳᠤ ᠪᠣᠳᠠᠲᠠᠢ ᠣᠷᠣᠰᠢᠵᠤ ᠪᠠᠶᠢᠭ᠎ᠠ ᠭᠤᠣᠯ ᠠᠰᠠᠭᠤᠳᠠᠯ | ᠭᠡᠪᠡᠯ᠂ ᠬᠥᠬᠦᠭᠦᠯᠬᠦ ᠬᠤᠭᠤᠴᠠᠭ᠎ᠠ ᠨᠢ 90 ᠡᠳᠦᠷ ᠪᠠᠶᠢᠳᠠᠭ ᠴᠦ ᠪᠤᠶᠢᠵᠢᠯᠳᠠ ᠶᠢᠨ ᠨᠣᠷᠮ᠎ᠠ ᠨᠢ 80% ᠬᠦᠷᠳᠡᠭ | ᠦᠭᠡᠢ᠂ ᠬᠦᠨᠳᠦ ᠶᠢᠨ ᠨᠡᠮᠡᠭᠳᠡᠯ ᠨᠢ ᠤᠳᠠᠭᠠᠨ᠂ ᠵᠠᠷᠤᠴᠠᠭᠤᠯᠤᠯᠲᠠ ᠶᠢᠨ ᠨᠣᠷᠮ᠎ᠠ ᠨᠢ ᠳᠣᠣᠷ᠎ᠠ ︵ᠶᠡᠷᠦ ᠳᠡᠭᠡᠨ 12 | ᠰᠠᠷ᠎ᠠ ᠬᠡᠷᠡᠭᠰᠡᠨ᠎ᠡ︶᠂ ᠴᠢᠨᠠᠷ ᠰᠠᠶᠢᠲᠠᠢ ᠪᠡᠯᠡᠳᠬᠡᠯ ᠬᠤᠨᠢᠨ ᠤ ᠢᠷᠡᠯᠲᠡ ᠨᠢ ᠬᠦᠷᠦᠯᠴᠡᠬᠦ ᠦᠭᠡᠢ ᠠᠴᠠ ᠪᠣᠯᠵᠤ᠂ ᠠᠵᠤ | ᠦᠢᠯᠡᠰ ᠤᠨ ᠬᠥᠭᠵᠢᠯᠲᠡ ᠳᠤ ᠪᠡᠯᠡᠳᠬᠡᠯ ᠬᠦᠴᠦᠨ ᠲᠤᠲᠠᠭᠳᠠᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ | ᠳᠣᠣᠷ᠎ᠠ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠦᠷ᠎ᠡ ᠠᠰᠢᠭ ᠳᠣᠣᠷ᠎ᠠ ᠪᠣᠯᠵᠤ᠂ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠰᠢᠭᠤᠳ ᠨᠥᠯᠥᠭᠡᠯᠡᠳᠡᠭ᠃ ︽ᠬᠤᠷᠠᠭ᠎ᠠ ᠶᠢ ᠡᠬᠡ ᠠᠴᠠ ᠨᠢ ᠰᠠᠯᠭᠠᠭᠰᠠᠨ ᠡᠬᠢᠨ ᠤ | ᠬᠤᠭᠤᠴᠠᠭ᠎ᠠ ᠪᠠ ᠤᠭᠵᠢᠬᠤ ᠮᠡᠷᠭᠡᠵᠢᠯ︾ ᠢ 2000 ᠣᠨ ᠠᠴᠠ ᠡᠬᠢᠯᠡᠨ ᠰᠤᠳᠤᠯᠵᠤ᠂ ᠣᠳᠣᠬᠠᠨ ᠳᠤ ᠨᠢᠭᠡᠨᠲᠡ | ᠨᠢᠭᠡ ᠢᠵᠢ ᠬᠤᠷᠠᠭᠠᠨ ᠤ ᠰᠦ ᠶᠢ ᠣᠷᠣᠯᠠᠭᠤᠯᠬᠤ ᠦᠢᠯᠡᠳᠬᠦᠨ ᠢ ᠰᠤᠳᠤᠯᠤᠨ ᠨᠡᠭᠡᠭᠡᠬᠦ᠂ ᠲᠡᠵᠢᠭᠡᠬᠦ ᠳᠤ | ᠰᠠᠭᠤᠷᠢᠯᠠᠭᠰᠠᠨ ᠠᠩᠬᠠᠨ ᠤ ᠬᠤᠭᠤᠴᠠᠭᠠᠨ ᠤ ᠰᠦ ᠠᠴᠠ ᠨᠢ ᠰᠠᠯᠭᠠᠬᠤ ᠡᠷᠡᠭᠦᠯ ᠢᠶᠠᠷ ᠪᠣᠶᠢᠵᠢᠭᠤᠯᠬᠤ ᠮᠡᠷᠭᠡᠵᠢᠯ ᠤᠨ | ᠰᠢᠰᠲ᠋ᠧᠮ ᠢ ᠪᠠᠶᠢᠭᠤᠯᠵᠤ᠂ ᠲᠣᠰ ᠮᠡᠷᠭᠡᠵᠢᠯ ᠢ ᠪᠥᠬᠦ ᠤᠯᠤᠰ ᠲᠤ 10 ᠭᠠᠷᠤᠢ ᠵᠢᠯ ᠳᠡᠯᠭᠡᠷᠡᠭᠦᠯᠦᠨ ᠬᠡᠷᠡᠭᠯᠡᠭᠡᠳ | ᠬᠤᠨᠢ ᠲᠡᠵᠢᠭᠡᠬᠦ ᠡᠷᠦᠬᠡ ᠳᠤ ᠮᠡᠳᠡᠷᠡᠭᠳᠡᠵᠦ᠂ ᠬᠤᠷᠠᠭ᠎ᠠ ᠶᠢᠨ ᠪᠤᠶᠢᠵᠢᠯᠳᠠ ᠶᠢᠨ ᠨᠣᠷᠮ᠎ᠠ ᠶᠢ ᠳᠡᠭᠡᠭᠰᠢᠯᠡᠭᠦᠯᠬᠦ | ᠬᠠᠮᠤᠭ ᠤᠨ ᠲᠡᠷᠢᠭᠦᠨ ᠰᠣᠩᠭᠤᠯᠲᠠ ᠶᠢᠨ ᠮᠡᠷᠭᠡᠵᠢᠯ ᠪᠣᠯᠤᠭᠰᠠᠨ ᠪᠠᠶᠢᠨ᠎ᠠ᠃ | ᠬᠤᠶᠠᠷ᠂ ᠮᠡᠷᠭᠡᠵᠢᠯ ᠤᠨ ᠭᠤᠣᠯᠳᠠᠯᠭ᠎ᠠ ᠰᠦ ᠶᠢ ᠣᠷᠣᠯᠠᠭᠤᠯᠬᠤ ᠦᠢᠯᠡᠳᠬᠦᠨ ᠢᠶᠠᠷ ᠲᠡᠵᠢᠭᠡᠬᠦ ᠠᠷᠭ᠎ᠠ ᠪᠠ | ᠡᠳᠦᠷ ᠤᠨ ᠪᠣᠷᠳᠤᠭ᠎ᠠ ᠶᠢ ᠨᠠᠶᠢᠷᠠᠭᠤᠯᠬᠤ ᠮᠡᠷᠭᠡᠵᠢᠯ᠃ ᠬᠤᠷᠠᠭ᠎ᠠ ᠲᠥᠯᠯᠡᠭᠰᠡᠨ ᠤ ᠳᠠᠷᠠᠭᠠᠬᠢ 1~7 ᠡᠳᠦᠷ ᠤᠨ | ᠬᠤᠭᠤᠴᠠᠭᠠᠨ ᠳᠤ ᠡᠬᠡ ᠪᠠᠨ ᠬᠥᠬᠦᠵᠦ᠂ 7~14 ᠡᠳᠦᠷ ᠤᠨ ᠬᠤᠭᠤᠴᠠᠭᠠᠨ ᠳᠤ ᠡᠬᠡ ᠶᠢᠨ ᠰᠦ ᠪᠠ ᠰᠦ ᠶᠢ | ᠣᠷᠣᠯᠠᠭᠤᠯᠬᠤ ᠦᠢᠯᠡᠳᠬᠦᠨ ᠢᠶᠠᠷ ᠲᠡᠵᠢᠭᠡᠬᠦ ᠰᠢᠯᠵᠢᠯᠲᠡ ᠶᠢᠨ ᠬᠤᠭᠤᠴᠠᠭ᠎ᠠ ᠶᠢ ᠥᠩᠭᠡᠷᠡᠭᠡᠨ᠂ 15 ᠡᠳᠦᠷ ᠤᠨ | ᠬᠤᠭᠤᠴᠠᠭᠠᠨ ᠳᠤ ᠡᠬᠡ ᠶᠢᠨ ᠰᠦ ᠠᠴᠠ ᠨᠢ ᠰᠠᠯᠭᠠᠵᠤ ᠰᠦ ᠶᠢ ᠣᠷᠣᠯᠠᠭᠤᠯᠬᠤ ᠦᠢᠯᠡᠳᠬᠦᠨ ᠢᠶᠠᠷ ᠲᠡᠵᠢᠭᠡᠵᠦ᠂ 20 | ᠡᠳᠦᠷ ᠤᠨ ᠬᠤᠭᠤᠴᠠᠭᠠᠨ ᠳᠤ ᠬᠤᠷᠠᠭᠠᠨ ᠤ ᠵᠠᠳᠠᠭᠠᠢ ᠪᠣᠷᠳᠤᠭ᠎ᠠ ᠶᠢ ᠳᠤᠷ᠎ᠠ ᠪᠠᠷ ᠨᠢ ᠢᠳᠡᠭᠦᠯᠦᠨ᠎ᠡ᠃ ᠪᠣᠳᠠᠲᠠᠢ | ᠠᠷᠭ᠎ᠠ ᠨᠢ ᠳᠣᠣᠷᠠᠬᠢ ᠮᠡᠲᠦ᠄ ᠰᠦ ᠶᠢ ᠣᠷᠣᠯᠠᠭᠤᠯᠬᠤ ᠲᠠᠯᠬ᠎ᠠ ᠢᠶᠠᠷ ᠲᠡᠵᠢᠭᠡᠬᠦ ᠠᠴᠠ ᠡᠮᠦᠨ᠎ᠡ ᠪᠤᠴᠠᠯᠤᠭᠰᠠᠨ ᠤ | ᠳᠠᠷᠠᠭ᠎ᠠ ᠬᠥᠷᠥᠭᠡᠭᠡᠳ 50℃ ᠪᠣᠯᠬᠤ ᠬᠠᠯᠠᠭᠤᠨ ᠤᠰᠤ ᠪᠠᠷ ᠰᠦᠨ ᠲᠠᠯᠬ᠎ᠠ᠄ ᠤᠰᠤ =1᠄ ︵5 ~ 7︶ | ᠬᠠᠷᠢᠴᠠᠯ ᠢᠶᠠᠷ ᠳᠡᠪᠲᠦᠭᠡᠵᠦ᠂ ᠳᠠᠬᠢᠨ ᠬᠥᠷᠥᠭᠡᠭᠡᠳ 40℃ ᠣᠷᠴᠢᠮ ᠪᠣᠯᠭᠠᠭᠠᠳ ᠲᠡᠵᠢᠭᠡᠨ᠎ᠡ᠃ ᠲᠡᠵᠢᠭᠡᠭᠰᠡᠨ ᠤ | ᠳᠠᠷᠠᠭ᠎ᠠ ᠴᠡᠪᠡᠷ ᠠᠯᠴᠢᠭᠤᠷ ᠢᠶᠠᠷ ᠬᠤᠷᠠᠭᠠᠨ ᠤ ᠵᠠᠪᠠᠵᠢ ᠳᠤ ᠨᠠᠭᠠᠯᠳᠤᠭᠰᠠᠨ ᠰᠦᠨ ᠰᠢᠩᠭᠡᠨ ᠢ ᠵᠦᠯᠭᠦᠵᠦ | ᠴᠡᠪᠡᠷᠯᠡᠨ᠎ᠡ᠃ ᠬᠤᠷᠠᠭᠠᠨ ᠤ ᠥᠰᠦᠯᠲᠡ ᠪᠤᠶᠢᠵᠢᠯᠲᠠ ᠶᠢᠨ ᠪᠠᠶᠢᠳᠠᠯ ᠢ ᠦᠨᠳᠦᠰᠦᠯᠡᠨ 60 ~ 90 ᠡᠳᠦᠷ ᠤᠨ | ᠬᠤᠭᠤᠴᠠᠭᠠᠨ ᠳᠤ ᠰᠦ ᠶᠢ ᠣᠷᠣᠯᠠᠭᠤᠯᠬᠤ ᠦᠢᠯᠡᠳᠬᠦᠨ ᠪᠤᠶᠤ ᠰᠢᠩᠭᠡᠨ ᠪᠡᠶᠡᠲᠦ ᠲᠡᠵᠢᠭᠡᠯ ᠢ ᠵᠣᠭᠰᠣᠭᠠᠵᠤ᠂ ︽ | ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠲᠠᠷᠭᠤᠯᠠᠭᠤᠯᠬᠤ ᠬᠤᠭᠤᠴᠠᠭᠠᠨ ᠳᠤ ᠣᠷᠣᠭᠤᠯᠤᠨ᠎ᠠ᠂ ᠬᠤᠷᠠᠭᠠᠨ ᠤ | ᠥᠰᠦᠯᠲᠡ ᠪᠤᠶᠢᠵᠢᠯᠲᠠ ᠪᠣᠯᠣᠨ ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠦᠨᠳᠦᠰᠦᠯᠡᠨ ᠲᠡᠵᠢᠭᠡᠯ ᠪᠣᠷᠳᠤᠭ᠎ᠠ | ᠨᠥᠬᠦᠪᠦᠷᠢᠯᠡᠬᠦ ᠬᠡᠮᠵᠢᠶ᠎ᠡ ᠪᠠᠨ ᠢᠳᠡᠭ ᠢᠳᠡᠭ ᠢᠶᠠᠷ ᠨᠡᠮᠡᠭᠳᠡᠭᠦᠯᠵᠦ᠂ 6 ᠰᠠᠷ᠎ᠠ ᠪᠣᠯᠤᠭᠰᠠᠨ ᠤ ᠳᠠᠷᠠᠭ᠎ᠠ | ᠵᠠᠷᠤᠴᠠᠭᠤᠯᠤᠯᠲᠠ ᠳᠤ ᠣᠷᠣᠭᠤᠯᠤᠨ᠎ᠠ᠃ ᠬᠤᠷᠠᠭᠠᠨ ᠤ ᠵᠠᠳᠠᠭᠠᠢ ᠪᠣᠷᠳᠣᠭᠠᠨ ᠤ ᠢᠳᠡᠰᠢᠨ ᠤ ᠨᠠᠶᠢᠷᠠᠯᠭ᠎ᠠ ᠨᠢ ᠡᠷᠳᠡᠨᠢ | ᠰᠢᠰᠢ 70%᠂ ᠰᠢᠬᠠᠳᠠᠰᠤ ᠶᠢᠨ ᠲᠦᠷᠦᠯ 20%᠂ ᠬᠡᠪᠡᠭ 5%᠂ ᠬᠤᠯᠢᠮᠠᠭ ᠰᠢᠭᠠᠷᠤ 3.5%᠂ ᠳᠠᠪᠤᠰᠤ 0. | 5%᠂ ᠸᠢᠲ᠋ᠠᠮᠢᠨ ᠪᠣᠯᠣᠨ ᠪᠢᠴᠢᠯ ᠡᠯᠧᠮᠧᠨ᠋ᠲ ᠤᠨ ᠬᠤᠯᠢᠮᠠᠭ ᠲᠡᠵᠢᠭᠡᠯ ᠪᠣᠷᠳᠤᠭ᠎ᠠ 1%᠃ ᠬᠤᠨᠤᠭ ᠤᠨ | ᠲᠡᠵᠢᠭᠡᠯ ᠤᠨ ᠨᠠᠶᠢᠷᠠᠯᠭ᠎ᠠ ᠶᠢ ᠬᠤᠷᠠᠭᠠᠨ ᠤ ᠪᠡᠶ᠎ᠡ ᠶᠢᠨ ᠪᠠᠶᠢᠳᠠᠯ ᠢ ᠦᠨᠳᠦᠰᠦᠯᠡᠨ ᠲᠣᠬᠢᠷᠠᠭᠤᠯᠵᠤ᠂ ᠲᠦᠷᠭᠡᠨ | ᠥᠰᠦᠯᠲᠡ ᠪᠠ ᠪᠤᠶᠢᠵᠢᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃ | |