2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠤ ᠠᠬᠤᠶᠢᠯᠠᠯ ᠤᠨ ᠣᠨ ᠤ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/4/24
     ︽ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 19 ᠳ᠋ᠤᠭᠡᠷ ᠲᠣᠭᠠᠲᠤ︶ ︽ᠬᠥᠳᠡᠯᠮᠦᠷᠢ ᠦᠢᠯᠡᠴᠢᠯᠡᠭᠡ ᠲᠣᠮᠢᠯᠠᠬᠤ ᠲᠦᠷ ᠬᠡᠷᠡᠭᠵᠢᠭᠦᠯᠬᠦ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 22 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠮᠠᠨ ᠤ ᠲᠣᠪᠴᠢᠶ᠎ᠠ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠨᠢᠭᠡᠨᠲᠡ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ︾ ᠪᠠ ︽ᠬᠥᠳᠡᠯᠮᠦᠷᠢ ᠦᠢᠯᠡᠴᠢᠯᠡᠭᠡ ᠲᠣᠮᠢᠯᠠᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠣᠭᠰᠠᠨ ᠰᠢᠯᠢ ᠶᠢᠨ ᠭᠤᠣᠯ ᠠᠶᠢᠮᠠᠭ ᠤᠨ ᠴᠢ ᠬᠠᠩ ᠵᠦᠩ ᠴᠤᠸᠠᠩ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ 8 ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠤ ᠠᠬᠤᠶᠢᠯᠠᠯ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠨ ᠤ ᠪᠠᠶᠢᠴᠠᠭᠠᠯᠲᠠ ᠬᠢᠪᠡ᠃ ᠠᠵᠤ ᠠᠬᠤᠶᠢᠯᠠᠯ ᠤᠨ ᠣᠨ ᠤ ᠡᠵᠡᠩᠨᠡᠯᠲᠡ ᠶᠢᠨ ᠪᠠᠶᠢᠳᠠᠯ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯ ᠤᠨ ᠪᠠᠶᠢᠷᠢ ᠶᠢᠨ ᠠᠵᠢᠯ ᠤᠨ ᠪᠠᠶᠢᠳᠠᠯ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠲᠠᠨ ᠤ ᠴᠠᠯᠢᠩ ᠢ ᠥᠭᠭᠦᠭᠰᠡᠨ ᠪᠠᠶᠢᠳᠠᠯ ᠵᠢᠴᠢ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠡᠳᠦᠭᠡ ᠮᠠᠨ ᠤ ᠬᠤᠰᠢᠭᠤᠨ ᠤ 2024 ᠣᠨ ᠤ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠤ ᠠᠬᠤᠶᠢᠯᠠᠯ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠨ ᠤ ᠪᠠᠶᠢᠴᠠᠭᠠᠯᠲᠠ ᠶᠢᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄    ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠠᠵᠤ ᠠᠬᠤᠶᠢᠯᠠᠯ 7 ᠪᠣᠶ᠄    1. ᠰᠢᠯᠢ ᠶᠢᠨ ᠭᠤᠣᠯ ᠠᠶᠢᠮᠠᠭ ᠤᠨ ᠴᠢ ᠬᠠᠩ ᠵᠦᠩ ᠴᠤᠸᠠᠩ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ    2. ᠪᠠᠷᠠᠭᠤᠨ ᠦᠵᠦᠮᠦᠴᠢᠨ ᠬᠤᠰᠢᠭᠤᠨ ᠤ ᠵᠧᠨ ᠹᠧᠩ ᠬᠥᠳᠡᠯᠮᠦᠷᠢ ᠦᠢᠯᠡᠴᠢᠯᠡᠭᠡ ᠲᠣᠮᠢᠯᠠᠬᠤ ᠬᠢᠵᠠᠭᠠᠷᠲᠤ ᠺᠣᠮᠫᠠᠨᠢ    3. ᠪᠠᠷᠠᠭᠤᠨ ᠦᠵᠦᠮᠦᠴᠢᠨ ᠬᠤᠰᠢᠭᠤᠨ ᠤ ᠷᠧᠨ ᠰᠢᠩ ᠬᠥᠳᠡᠯᠮᠦᠷᠢ ᠦᠢᠯᠡᠴᠢᠯᠡᠭᠡ ᠲᠣᠮᠢᠯᠠᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ    4. ᠪᠠᠷᠠᠭᠤᠨ ᠦᠵᠦᠮᠦᠴᠢᠨ ᠬᠤᠰᠢᠭᠤᠨ ᠤ ᠬᠤᠩ ᠵᠢᠶᠠ ᠶᠢᠨ ᠬᠥᠳᠡᠯᠮᠦᠷᠢ ᠦᠢᠯᠡᠴᠢᠯᠡᠭᠡᠨ ᠤ ᠯᠠᠪᠯᠠᠯᠭ᠎ᠠ   ᠶᠢᠨ ᠬᠢᠵᠠᠭᠠᠷᠲᠤ ᠺᠣᠮᠫᠠᠨᠢ    5. ᠰᠢᠯᠢ ᠶᠢᠨ ᠭᠤᠣᠯ ᠠᠶᠢᠮᠠᠭ ᠤᠨ ᠠᠨᠳᠠ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ    6. ᠪᠠᠷᠠᠭᠤᠨ ᠦᠵᠦᠮᠦᠴᠢᠨ ᠬᠤᠰᠢᠭᠤᠨ ᠤ ᠯᠠᠨ ᠹᠧᠩ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ    7. ᠪᠠᠷᠠᠭᠤᠨ ᠦᠵᠦᠮᠦᠴᠢᠨ ᠬᠤᠰᠢᠭᠤᠨ ᠤ ᠰᠢᠩ ᠭᠤᠸᠠᠩ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ    ᠬᠢᠷᠢ ᠬᠡᠮ ᠲᠠᠢ ᠪᠣᠯᠪᠠᠴᠤ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠡᠳᠦᠢ ᠠᠵᠤ ᠠᠬᠤᠶᠢᠯᠠᠯ 1 ᠪᠣᠶ᠄    1. ᠥᠪᠥᠷ ᠮᠣᠩᠭᠤᠯ ᠤᠨ ᠵᠢᠦᠢ ᠷᠦᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠢᠵᠠᠭᠠᠷᠲᠤ ᠺᠣᠮᠫᠠᠨᠢ    ᠡᠯ᠎ᠡ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠤ ᠠᠬᠤᠶᠢᠯᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠨᠢ ᠠᠵᠢᠯ ᠤᠨ ᠳᠦᠷᠢᠮ ᠤᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠨ ᠤ ᠪᠠᠶᠢᠴᠠᠭᠠᠯᠲᠠ ᠵᠡᠷᠭᠡ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠬᠠᠮᠵᠢᠯᠴᠠᠨ ᠪᠡᠶᠡᠯᠡᠭᠦᠯᠵᠦ᠂ ᠡᠯ᠎ᠡ ᠵᠦᠢᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠦᠨᠡᠨᠬᠦ ᠰᠠᠶᠢᠲᠤᠷ ᠭᠦᠢᠴᠡᠳᠬᠡᠭᠰᠡᠨ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                             2024 ᠣᠨ ᠤ 4 ᠰᠠᠷ᠎ᠠ ᠶᠢᠨ 16
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号