ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠭᠰᠢᠳᠠ ᠠᠬᠢᠭᠤᠯᠬᠤ ᠶᠢᠨ ᠳᠦᠯᠦᠭᠡ᠂ 4 ᠰᠠᠷ᠎ᠠ ᠶᠢᠨ 17 ᠤ | ᠡᠳᠦᠷ ᠠᠴᠠ 19 ᠤ ᠡᠳᠦᠷ ᠪᠣᠯᠲᠠᠯ᠎ᠠ᠂ ᠤᠯᠠᠭᠠᠨᠳᠤᠭ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠳᠤ | ᠡᠷᠦᠬᠡ ᠬᠤᠸᠠᠷ ᠤᠨ ᠲᠤ ︽ᠨᠢᠭᠡᠳᠦᠭᠡᠷ ᠤᠯᠠᠷᠢᠯ ᠳᠤ ᠨᠢᠭᠡ ᠭᠤᠣᠯ ᠰᠡᠳᠦᠪ︾ ᠠᠵᠢᠯᠯᠠᠭ᠎ᠠ ᠶᠢ ᠥᠷᠨᠢᠭᠦᠯᠵᠦ᠂ | ᠥᠪᠥᠷ ᠮᠣᠩᠭᠤᠯ ᠤᠨ ᠨᠢᠦ ᠵᠢᠶᠧ ᠨᠡᠶᠢᠭᠡᠮ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠪᠣᠯᠪᠠᠰᠤᠷᠠᠯ ᠤᠨ | ᠲᠤᠰᠬᠠᠢ ᠮᠡᠷᠭᠡᠵᠢᠯ ᠤᠨ ᠪᠦᠯᠬᠦᠮ ᠢ ᠤᠷᠢᠵᠤ᠂ 40 ᠮᠠᠯᠴᠢᠳ ᠲᠤ ᠡᠬᠡ ᠮᠠᠯ ᠳᠤ ᠬᠡᠭᠡᠯᠲᠦᠭᠦᠯᠭᠡ ᠬᠢᠬᠦ | ᠮᠡᠷᠭᠡᠵᠢᠯ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠡᠢ᠃ | ᠲᠤᠰᠬᠠᠢ ᠮᠡᠷᠭᠡᠵᠢᠯᠳᠡᠳ ᠠᠴᠠ ᠡᠬᠡ ᠮᠠᠯ ᠳᠤ ᠬᠡᠭᠡᠯᠲᠦᠭᠦᠯᠭᠡ ᠬᠢᠬᠦ ᠣᠨᠣᠯ ᠤᠨ ᠬᠢᠴᠢᠶᠡᠯ ᠪᠠ ᠪᠣᠳᠠᠲᠤ | ᠦᠢᠯᠡᠳᠦᠯᠭᠡ ᠶᠢᠨ ᠬᠢᠴᠢᠶᠡᠯ ᠢ ᠵᠢᠭᠠᠵᠤ᠂ ᠮᠠᠯᠴᠢᠳ ᠤᠨ ᠡᠬᠡ ᠮᠠᠯ ᠳᠤ ᠬᠡᠭᠡᠯᠲᠦᠭᠦᠯᠭᠡ ᠬᠢᠬᠦ ᠮᠡᠷᠭᠡᠵᠢᠯ ᠤᠨ ᠲᠤᠬᠠᠢ | ᠣᠨᠣᠯ ᠤᠨ ᠮᠡᠳᠡᠯᠭᠡ ᠪᠠ ᠢᠴᠡᠭᠡᠯ ᠦᠷ᠎ᠡ ᠶᠢᠨ ᠬᠡᠭᠡᠯᠳᠦᠭᠦᠯᠭᠡ ᠬᠢᠬᠦ ᠪᠣᠳᠠᠲᠤ ᠦᠢᠯᠡᠳᠦᠯᠭᠡ ᠶᠢᠨ ᠲᠤᠰᠬᠠᠢ | ᠮᠡᠷᠭᠡᠵᠢᠯ ᠢ ᠳᠡᠭᠡᠭᠰᠢᠯᠡᠭᠦᠯᠪᠡ᠃ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠡᠭᠡᠯᠳᠦᠭᠦᠯᠭᠡ ᠬᠢᠬᠦ | ᠪᠦᠷᠬᠦᠴᠡ ᠶᠢᠨ ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠬᠦ ᠶᠢᠨ ᠬᠠᠮᠳᠤ ᠮᠠᠯ ᠤᠨ ᠬᠢᠵᠢᠭ ᠡᠪᠡᠳᠴᠢᠨ ᠢ | ᠰᠡᠷᠭᠡᠶᠢᠯᠡᠬᠦ ᠤᠬᠠᠮᠰᠠᠷ ᠢ ᠳᠡᠭᠡᠭᠰᠢᠯᠡᠬᠦᠯᠵᠦ᠂ ᠦᠬᠡᠷ ᠤᠨ ᠡᠭᠦᠯᠳᠡᠷ ᠤᠨ ᠰᠠᠶᠢᠵᠢᠷᠠᠭᠤᠯᠤᠯᠲᠠ ᠶᠢᠨ ᠬᠤᠷᠳᠤᠴᠠ ᠶᠢ | ᠲᠦᠷᠭᠡᠳᠬᠡᠨ᠂ ᠡᠬᠡ ᠮᠠᠯ ᠤᠨ ᠬᠡᠭᠡᠯ ᠲᠤᠭᠲᠠᠬᠤ ᠨᠣᠷᠮ᠎ᠠ ᠶᠢ ᠳᠡᠭᠡᠭᠰᠢᠯᠡᠭᠦᠯᠵᠦ᠂ ᠦᠷ᠎ᠡ ᠶᠢᠨ ᠮᠠᠯ ᠤᠨ ᠲᠡᠵᠢᠭᠡᠪᠦᠷᠢ | ᠪᠠ ᠬᠠᠮᠢᠶᠠᠷᠤᠯᠲᠠ ᠶᠢᠨ ᠵᠠᠷᠤᠳᠠᠯ ᠢ ᠠᠷᠪᠢᠯᠠᠵᠤ᠂ ᠮᠠᠯᠴᠢᠳ ᠤᠨ ᠲᠡᠵᠢᠭᠡᠪᠦᠷᠢ ᠶᠢᠨ ᠠᠰᠢᠭ ᠣᠷᠣᠯᠭ᠎ᠠ ᠶᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠯᠬᠢᠨ ᠠᠬᠢᠭᠤᠯᠬᠤ ᠳᠤ | ᠠᠰᠢᠭᠲᠠᠢ ᠦᠢᠯᠡᠳᠦᠯ ᠦᠵᠡᠬᠦᠯᠦᠭᠰᠡᠨ ᠪᠠᠶᠢᠨ᠎ᠠ᠃ | |