ᠬᠤᠭᠤᠯᠠᠳᠦ ᠶᠢᠨ ᠭᠤᠣᠯ ᠪᠠᠯᠭᠠᠰᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/24
     ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠨ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠬᠤᠭᠤᠯᠠᠳᠤ ᠶᠢᠨ ᠭᠤᠣᠯ ᠪᠠᠯᠭᠠᠰᠤ ᠨᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠤᠭᠠᠯᠠᠨ ᠵᠢᠷ ᠤᠨ ᠤ ᠭᠤᠣᠯ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠳᠤ ᠢᠳᠡᠭᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ᠃ ᠪᠣᠯᠪᠠᠰᠤᠷᠠᠯ ᠤᠨ ᠠᠭᠤᠯᠭ᠎ᠠ ᠭᠡᠪᠡᠯ᠂ ᠨᠢᠭᠡ ᠳᠤ᠂ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠴᠤ ᠬᠠᠳᠠᠭᠠᠯᠠᠬᠤ᠂ ᠢᠳᠡᠭᠡᠨ ᠢ ᠡᠳ᠋ᠰᠢᠭᠦᠯᠦᠨ ᠦᠢᠯᠡᠳᠬᠦ ᠶᠠᠪᠤᠴᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ ᠥᠯᠢᠭᠡᠷ ᠦᠯᠡᠳᠡᠭᠡᠬᠦ᠂ ᠢᠳᠡᠭᠡᠨ ᠤ ᠠᠮᠤᠷ ᠲᠦᠪᠰᠢᠨ ᠤ ᠭᠡᠨᠡᠳᠡᠯ ᠬᠡᠷᠡᠭ ᠢ ᠤᠷᠢᠳᠴᠢᠯᠠᠨ ᠰᠡᠷᠭᠡᠶᠢᠯᠡᠬᠦ ᠪᠠᠷ ᠭᠤᠣᠯᠳᠠᠯᠭ᠎ᠠ ᠪᠤᠯᠭᠠᠪᠠ᠃ ᠬᠤᠶᠠᠷ ᠲᠤ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ ᠢ ᠨᠠᠷᠢᠨ ᠲᠠᠶᠢᠯᠪᠤᠷᠢᠯᠠᠪᠠ᠃       ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠠᠮᠤᠷ ᠲᠦᠪᠰᠢᠨ ᠤ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠩ ᠰᠠᠶᠢᠨ ᠨᠠᠶᠢᠳᠠᠪᠤᠷᠢᠵᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠮᠡᠳᠡᠯᠭᠡ ᠶᠢᠨ ᠰᠢᠯᠭᠠᠯᠲᠠ ᠬᠢᠵᠦ᠂ ᠪᠣᠯᠪᠠᠰᠤᠷᠠᠯ ᠤᠨ ᠠᠵᠢᠯ ᠤᠨ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠨᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠰᠠᠭᠤᠳᠠᠯ ᠢ ᠭᠦᠢᠴᠡᠳ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号