ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/25
    4 ᠰᠠᠷ᠎ᠠ ᠶᠢᠨ 23᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ  ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠪᠠ᠃ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠨ᠂ ᠡᠯ᠎ᠡ ᠰᠤᠮᠤ ᠪᠠᠯᠭᠠᠰᠤᠨ ᠤ ᠨᠠᠮ ᠤᠨ  ᠬᠤᠷᠢᠶᠠᠨ ᠤ ᠭᠤᠣᠯ ᠬᠠᠷᠢᠭᠤᠴᠠᠯᠭᠠᠲᠠᠨ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃
        ᠬᠤᠷᠠᠯ ᠳᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠳ᠋ᠦᠩ ᠰᠢᠶᠣᠣ ᠫᠢᠩ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠬᠦ ᠰᠡᠳᠦᠪ ᠢᠶᠠᠷ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ ᠲᠠᠢ ᠤᠶᠠᠯᠳᠤᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠵᠠᠳᠠᠯᠤᠨ ᠲᠠᠶᠢᠯᠪᠤᠷᠢᠯᠠᠵᠠᠢ᠃
    ᠬᠤᠷᠠᠯ ᠠᠴᠠ ᠱᠠᠭᠠᠷᠳᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠭᠤᠣᠯ ᠠᠭᠤᠯᠭ᠎ᠠ ᠪᠣᠯᠣᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠡᠵᠡᠮᠰᠢᠵᠦ᠂ ᠣᠳᠣᠬᠠᠨ ᠤ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠡᠭᠦᠷᠭᠡ ᠶᠢ ᠵᠥᠪ ᠢᠶᠠᠷ ᠲᠠᠨᠢᠵᠤ᠂ ᠠᠵᠤ ᠠᠬᠤᠢ ᠶᠢᠨ ᠠᠵᠢᠯ  ᠳᠤᠮᠳᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠡᠷᠡᠰ ᠦᠢᠯᠡᠳᠦᠯᠭᠡᠵᠢᠭᠦᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ 2024 ᠣᠨ ᠤ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠬᠠᠢ ᠣᠶᠢᠯᠠᠭᠠᠯᠲᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠠᠷᠭ᠎ᠠ ᠬᠡᠮᠵᠢᠶ᠎ᠡ ᠶᠢ ᠡᠵᠡᠮᠰᠢᠵᠦ᠂ ᠤᠨᠤᠯ ᠤᠨ ᠰᠤᠷᠤᠯᠴᠠᠯᠭ᠎ᠠ ᠶᠢ ᠬᠥᠭᠵᠢᠯᠲᠡ ᠶᠢᠨ ᠦᠢᠯᠡᠳᠦᠯᠭᠡ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ᠂ ᠴᠠᠭ ᠦᠶ᠎ᠡ ᠶᠢᠨ ᠣᠨᠴᠠᠯᠢᠭ ᠢ ᠢᠯᠡᠷᠡᠭᠦᠯᠦᠭᠰᠡᠨ᠂ ᠪᠠᠷᠠᠭᠤᠨ ᠦᠵᠦᠮᠦᠴᠢᠨ ᠤ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ ᠵᠠᠮ ᠢ ᠬᠦᠴᠦᠯᠡᠨ ᠨᠡᠭᠡᠭᠡᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号