ᠬᠠᠢ ᠱᠠᠨ ᠭᠥᠷᠦᠭᠡᠰᠦᠲᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠵᠢᠨ‌ᠣᠷᠣᠨ ᠳᠤ ᠭᠦᠨᠵᠡᠭᠡᠶᠢᠷᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/25
    4 ᠰᠠᠷ᠎ᠠ ᠶᠢᠨ 22᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ ᠭᠥᠷᠦᠭᠡᠰᠦᠲᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
        ᠬᠠᠢ ᠱᠠᠨ ᠨᠠᠷ ᠭᠥᠷᠦᠭᠡᠰᠦᠲᠡᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠨ᠂ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠶᠢᠨ ᠵᠢᠵᠢᠭᠦᠷᠯᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠸᠢᠳᠢᠤ᠋ ᠪᠠᠷ ᠬᠢᠨᠠᠬᠤ ᠭᠠᠯ ᠰᠡᠷᠭᠡᠶᠢᠯᠡᠬᠦ ᠳᠦᠬᠦᠭᠡᠷᠦᠮᠵᠢ ᠶᠢᠨ  ᠠᠵᠢᠯᠯᠠᠭᠠᠨ ᠤ ᠪᠠᠶᠢᠳᠠᠯ ᠢ ᠲᠤᠬᠠᠢ ᠲᠠᠯᠠᠪᠤᠷ ᠲᠤ ᠨᠢ ᠪᠠᠶᠢᠴᠠᠭᠠᠨ ᠣᠶᠢᠯᠠᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ᠂ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠪᠣᠯᠣᠨ ᠠᠵᠢᠯᠲᠠᠳ ᠤᠨ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃     ᠬᠠᠢ ᠱᠠᠨ ᠴᠢᠬᠤᠯᠠᠴᠢᠯᠠᠭᠰᠠᠨ ᠨᠢ᠂ ᠣᠳᠣ ᠪᠣᠯ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠡᠯ᠎ᠡ ᠭᠠᠵᠠᠷ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠵᠢᠴᠢ ᠠᠮᠤᠷ ᠲᠦᠪᠰᠢᠨ ᠤ ᠠᠳᠡᠯ ᠠᠴᠠ ᠭᠦᠨᠵᠡᠭᠡᠢ  ᠰᠤᠷᠭᠠᠮᠵᠢ ᠠᠪᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠤᠨ ᠲᠣᠭᠲᠠᠭᠤᠨ ᠢ ᠪᠠᠲᠤᠯᠠᠬᠤ ᠬᠡᠷᠡᠭᠲᠡᠢ᠃ ᠭᠠᠯ  ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠠᠵᠢᠯᠲᠠᠳ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠰᠠᠶᠢᠲᠤᠷ ᠬᠢᠵᠦ᠂ ᠭᠠᠯ ᠤᠨ  ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠴᠢᠬᠤᠯᠠ ᠴᠡᠭ᠂ ᠠᠭᠤᠯᠠᠨ ᠳᠤ ᠣᠷᠣᠬᠤ ᠵᠠᠮ ᠵᠡᠷᠭᠡ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ᠂ ᠣᠢ ᠰᠢᠭᠤᠢ ᠶᠢ ᠰᠠᠶᠢᠲᠤᠷ ᠬᠠᠮᠠᠭᠠᠯᠠᠵᠤ᠂ ᠬᠦᠮᠦᠨ ᠢ ᠰᠠᠶᠢᠲᠤᠷ ᠬᠠᠮᠢᠶᠠᠷᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号