ᠨᠤᠮ ᠢᠶᠠᠨ ᠲᠡᠭᠡᠳᠦᠯᠡᠭᠰᠡᠨ ᠪᠠᠭ᠋ᠠᠷᠬᠠᠯᠳᠤ ᠠᠵᠢᠯᠯᠠᠭ᠎ᠠ
ᠨᠡᠶᠢᠲᠡᠯᠡᠭᠰᠡᠨ ᠴᠠᠭ᠄
2024/4/25
                     ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ︽ᠤᠷᠠᠨ ᠤᠩᠰᠢᠯᠭᠠᠳᠤ ᠤᠮᠠᠷᠠᠳᠤ ᠬᠢᠯᠢ᠂ ᠨᠤᠮ ᠤᠨ ᠪᠤᠶᠠᠨ ᠲᠠᠢ ᠪᠠᠶᠠᠠᠬᠤᠸᠠ︾ ᠭᠤᠤᠯ ᠰᠡᠳᠦᠪᠳᠦ ᠬᠤᠷᠢ ᠶᠢᠰᠦᠳᠦᠭᠡᠷ ᠬᠤᠭᠤᠴᠠᠭᠠᠨ ᠤ ᠲᠡᠯᠡᠬᠡᠢ ᠶᠢᠨ ᠨᠤᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ 4 ᠰᠠᠷ᠎ᠠ ᠶᠢᠨ 22᠎ ᠤ ᠡᠳᠦᠷ ᠤᠳᠬ᠎ᠠ ᠲᠡᠭᠦᠯᠳᠡᠷ ᠶᠠᠪᠤᠭᠳᠠᠪᠠ᠃     ᠡᠩ ᠲᠡᠷᠢᠭᠦᠨ ᠳᠤ ︽ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠤᠨᠤᠰᠴᠤ ᠨᠠᠮ ᠢᠶᠠᠨ ᠲᠠᠭᠠᠨ ᠤᠷᠤᠭᠰᠢᠯᠠᠬᠤ︾ ᠭᠤᠤᠯ ᠰᠡᠳᠦᠪ ᠤᠨ ᠲᠤᠭᠤᠷᠢᠨ ᠳᠤ ︽ᠵᠢᠷᠭᠤᠭᠠᠨ ᠦᠭᠦᠯᠡᠪᠦᠷᠢ︾᠎ ᠶᠢᠨ ᠪᠤᠳᠠᠳᠤ ᠶᠠᠪᠤᠳᠠᠯ ᠪᠠ ᠶᠤᠰᠤ ᠤᠴᠢᠷ ᠢ ᠰᠤᠷᠤᠯᠴᠠᠬᠤ ᠶᠢᠨ ᠬᠠᠮᠳᠤ᠂ ᠮᠡᠳᠡᠯᠭᠡ ᠶᠢᠨ ᠡᠷᠭᠡ ᠶᠢ ᠬᠠᠮᠠᠭᠠᠯᠠᠬᠤ ᠲᠤᠬᠠᠢ ᠬᠠᠤᠯᠢ ᠲᠦᠷᠢᠮ ᠢ ᠤᠬᠠᠭᠤᠯᠤᠨ ᠲᠠᠶᠢᠯᠪᠤᠷᠢᠯᠠᠪᠠ᠃     ᠠᠵᠢᠯᠯᠠᠭ᠎ᠠ ᠳᠤ ᠪᠠᠶᠠᠠᠬᠤᠸᠠ ᠪᠠᠯᠭᠠᠰᠤᠨ ᠤ ᠮᠠᠯᠴᠢᠨ ᠤᠷᠠᠨ ᠪᠦᠳᠦᠭᠡᠯᠴᠢ᠂ ᠨᠤᠮ ᠲᠠᠢ ᠡᠷᠦᠬᠡ᠂ ᠨᠤᠮ ᠤᠨ ᠪᠠᠭ᠋ᠠᠳᠠᠨ ᠨᠡᠶᠢᠳᠡ ᠲᠦᠴᠢ ᠭᠠᠷᠤᠢ ᠬᠦᠮᠦᠨ ᠤᠷᠤᠯᠴᠠᠨ ᠨᠤᠮ ᠲᠠᠨᠢᠯᠴᠠᠭᠤᠯᠬᠤ᠂ ᠨᠤᠮ ᠤᠨ ᠲᠡᠯᠭᠡᠨ ᠦᠵᠡᠭᠦᠯᠭᠡ᠂ ᠮᠡᠳᠡᠯᠭᠡ ᠶᠢᠨ ᠰᠡᠳᠦᠪ ᠤᠨ ᠤᠷᠤᠯᠳᠤᠭᠠᠨ ᠵᠡᠷᠭᠡ ᠪᠠᠶᠠᠯᠢᠭ ᠠᠭᠤᠯᠭ᠎ᠠ ᠪᠠᠷ ᠶᠠᠪᠤᠭᠳᠠᠨ᠂ ᠤᠷᠤᠯᠴᠠᠭᠴᠢᠳ ᠠᠴᠠ ᠲᠡᠤᠬᠡ ᠤᠷᠠᠨ ᠵᠤᠬᠢᠶᠠᠯ᠂ ᠨᠡᠶᠢᠭᠡᠮ ᠤᠯᠤᠰ ᠲᠦᠷᠦ᠂ ᠠᠮᠵᠢᠯᠳᠠ ᠶᠢᠨ ᠤᠬᠠᠭᠠᠨ᠂ ᠭᠡᠷ ᠪᠦᠯᠢ ᠶᠢᠨ ᠬᠦᠮᠦᠵᠢᠯ᠂ ᠦᠵᠦᠮᠦᠴᠢᠨ ᠨᠤᠳᠤᠭ ᠤᠨ ᠰᠤᠶᠤᠯ ᠲᠡᠤᠬᠡ ᠲᠠᠢ ᠬᠤᠯᠪᠤᠭᠳᠠᠭᠰᠠᠨ ᠨᠤᠮ ᠵᠤᠬᠢᠶᠠᠯ ᠲᠠᠨᠢᠯᠴᠠᠭᠤᠯᠵᠤ᠂ ᠦᠯᠢᠭᠡᠷ ᠦᠢᠯᠡ ᠶᠠᠪᠤᠳᠠᠯ ᠢ ᠨᠢ ᠶᠠᠷᠢᠬᠤ᠂ ᠰᠤᠩᠭᠤᠳᠠᠭ ᠬᠡᠯᠡᠯᠭᠡ ᠶᠢ ᠨᠢ ᠤᠩᠰᠢᠨ ᠰᠤᠨᠢᠷᠬᠠᠭᠤᠯᠬᠤ᠂ ᠨᠤᠮ ᠤᠩᠰᠢᠭᠰᠠᠨ ᠤᠶᠢᠯᠠᠭᠠᠯᠳᠠ ᠲᠦᠷᠦᠭᠳᠡᠯ ᠢᠶᠠᠨ ᠬᠤᠪᠢᠶᠠᠯᠴᠠᠬᠤ ᠵᠡᠷᠭᠡ ᠤᠯᠠᠨ ᠲᠠᠯ᠎ᠠ ᠶᠢᠨ ᠵᠤᠭᠰᠤᠴᠠ ᠠᠴᠠ ᠲᠠᠶᠢᠯᠪᠤᠷᠢᠯᠠᠨ ᠶᠠᠷᠢᠵᠦ᠂ ᠦᠨᠳᠦᠰᠦᠳᠡᠨ ᠤ ᠲᠡᠤᠬᠡ ᠰᠤᠶᠤᠯ᠂ ᠵᠠᠩ ᠦᠢᠯᠡ ᠲᠠᠢ ᠬᠤᠯᠪᠤᠭᠳᠠᠭᠰᠠᠨ ᠮᠡᠳᠡᠯᠭᠡ ᠶᠢᠨ ᠰᠡᠳᠦᠪ ᠢ ᠬᠠᠷᠢᠭᠤᠯᠤᠭᠰᠠᠨ ᠤ ᠬᠠᠮᠳᠤ᠂ ᠪᠠᠶᠠᠠᠬᠤᠸᠠ ᠪᠠᠯᠭᠠᠰᠤᠨ ᠤ ︽ᠬᠤᠰᠢᠭᠤ ᠲᠡᠰ ᠤᠨ ᠨᠤᠮ ᠲᠠᠢ ᠡᠷᠦᠬᠡ︾᠎ ᠠᠴᠠ ᠨᠤᠮ ᠪᠢᠴᠢᠭ ᠤᠨ ᠬᠠᠳᠠᠭᠠᠯᠠᠮᠵᠢ ᠪᠠᠨ ᠲᠡᠯᠭᠡᠨ ᠦᠵᠡᠭᠦᠯᠵᠦ᠂ ᠨᠤᠮ ᠡᠷᠳᠡᠮ ᠢ ᠲᠡᠭᠡᠳᠦᠯᠡᠭᠰᠡᠨ ᠪᠠᠭ᠋ᠠᠷᠬᠠᠯᠳᠤ ᠠᠵᠢᠯᠯᠠᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号