ᠪᠠᠷᠠᠭᠤᠨ ᠦᠵᠦᠮᠦᠴᠢᠨ ᠬᠤᠰᠢᠭᠤ ᠲᠥᠷᠥᠯ ᠵᠦᠢᠯ ᠢ ᠠᠳᠬᠤᠵᠤ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/25
     ᠡᠨᠡ ᠵᠢᠯ᠂ ᠪᠠᠷᠠᠭᠤᠨ ᠦᠵᠦᠮᠦᠴᠢᠨ ᠬᠤᠰᠢᠭᠤ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠨ᠂ ᠡᠯ᠎ᠡ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠵᠢᠯ ᠤᠨ ᠪᠡᠯᠡ ᠣᠷᠣᠭᠤᠯᠤᠯᠲᠠ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠦᠷᠭᠦᠯᠵᠢᠯᠡᠨ  ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠲᠡᠷᠢᠭᠦᠨ ᠴᠢᠬᠤᠯᠠ ᠢᠨᠵᠧᠨᠧᠷᠢᠩ︾ ᠪᠣᠯᠭᠠᠨ᠂ ︽ᠬᠥᠭᠵᠢᠭᠦᠯᠬᠦ ᠪᠠᠷ ᠭᠤᠣᠯᠳᠠᠯᠭ᠎ᠠ ᠪᠣᠯᠭᠠᠬᠤ᠂ ᠲᠥᠷᠥᠯ ᠵᠦᠢᠯ ᠢᠶᠠᠷ ᠭᠤᠣᠯ ᠪᠣᠯᠭᠠᠬᠤ᠂ ᠪᠣᠳᠠᠲᠠᠢ ᠠᠵᠢᠯᠯᠠᠬᠤ ᠪᠠᠷ ᠤᠷᠢᠳᠠᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂  ᠲᠥᠷᠥᠯ ᠵᠦᠢᠯ ᠢᠶᠠᠷ ᠭᠤᠣᠯᠯᠠᠭᠤᠯᠤᠨ ᠠᠵᠢᠯᠯᠠᠵᠤ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠪᠣᠢ᠃     ᠨᠢᠭᠡ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠥᠬᠦ ᠲᠠᠯ᠎ᠠ ᠪᠠᠷ  ᠴᠢᠩᠭᠠᠳᠬᠠᠨ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠶᠠᠰᠤ ᠴᠢᠨᠠᠷ ᠦᠷ᠎ᠡ ᠠᠰᠢᠭ ᠢ ᠢᠯᠡᠳᠲᠡ ᠴᠢᠩᠭᠠᠷᠠᠭᠤᠯᠤᠨ᠎ᠠ     ᠡᠨᠡ ᠵᠢᠯ ᠠᠴᠠ᠂ ᠮᠠᠨ ᠤ ᠬᠤᠰᠢᠭᠤ ᠠᠷᠠᠯᠵᠢᠶᠠᠴᠢᠨ ᠤᠷᠢᠬᠤ ᠣᠶᠢᠯᠠᠭᠠᠭᠳᠠᠬᠤᠨ ᠢᠶᠠᠨ ᠦᠷᠭᠦᠯᠵᠢᠯᠡᠨ ᠬᠤᠪᠢᠷᠠᠭᠤᠯᠵᠤ᠂ ᠠᠷᠭ᠎ᠠ ᠪᠣᠳᠣᠯᠭ᠎ᠠ ᠶᠢ ᠣᠯᠠᠨ ᠲᠠᠯ᠎ᠠ ᠠᠴᠠ ᠬᠡᠷᠡᠭᠵᠢᠭᠦᠯᠦᠨ ᠨᠠᠷᠢᠯᠢᠭ  ᠣᠨᠣᠪᠴᠢᠲᠠᠢ ᠪᠠᠷ ᠠᠷᠠᠯᠵᠢᠶᠠᠴᠢᠨ ᠤᠷᠢᠵᠤ᠂ ᠪᠥᠬᠦ ᠬᠤᠰᠢᠭᠤᠨ ᠤ ᠭᠤᠣᠯ ᠠᠵᠢᠯ ᠳᠤ ᠦᠢᠯᠡᠴᠢᠯᠡᠬᠦ ᠪᠠᠷ ᠭᠤᠣᠯᠳᠠᠭᠤᠯᠤᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠤᠨ ᠰᠢᠪᠲᠤᠯᠤᠯᠲᠠ ᠶᠢᠨ ᠬᠠᠷᠠᠯᠲᠠ ᠶᠢ ᠪᠣᠳᠣᠯᠬᠢᠯᠠᠵᠤ᠂ ︽2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠥᠯ︾ ᠢ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠬᠠᠷᠠᠯᠲᠠ ᠲᠠᠢ᠂ ᠴᠢᠭᠯᠡᠯ ᠲᠠᠢ᠂ ᠭᠤᠣᠯᠳᠠᠯᠭ᠎ᠠ ᠲᠠᠢ ᠪᠠᠶᠢᠬᠤ ᠶᠢ ᠪᠠᠲᠤᠯᠠᠪᠠ᠃ ᠠᠷᠠᠯᠵᠢᠶᠠᠴᠢᠨ ᠤᠷᠢᠬᠤ ᠴᠢᠭᠯᠡᠯ ᠤᠨ ᠲᠠᠯ᠎ᠠ ᠪᠠᠷ᠂ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ᠂ ᠲᠣᠮᠣ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠥᠷᠨᠢᠯᠲᠡ ᠶᠢᠨ ᠬᠡᠯᠪᠡᠷᠢ ᠶᠢᠨ ᠲᠦᠷᠦᠯ ᠵᠦᠢᠯ ᠳᠤ ᠠᠩᠬᠠᠷᠤᠯ ᠢᠶᠠᠨ ᠬᠠᠨᠳᠤᠭᠤᠯᠪᠠ᠃ ᠠᠷᠠᠯᠵᠢᠶᠠᠴᠢᠨ ᠤᠷᠢᠬᠤ ᠠᠵᠢᠯᠯᠠᠭ᠎ᠠ ᠶᠢᠨ ᠲᠠᠯ᠎ᠠ ᠪᠠᠷ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠴᠢᠬᠤᠯᠠᠴᠢᠯᠠᠵᠤ᠂ ᠬᠤᠯᠪᠤᠭᠠᠯᠠᠨ ᠬᠥᠳᠡᠯᠦᠯᠴᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠪᠡ᠃ ᠬᠤᠳᠠᠯᠳᠤᠭᠠᠴᠢᠨ ᠤᠷᠢᠬᠤ ᠦᠷ᠎ᠡ ᠪᠦᠲᠦᠮᠵᠢ ᠶᠢᠨ ᠲᠠᠯ᠎ᠠ ᠪᠠᠷ᠂ ᠭᠡᠷ᠎ᠡ ᠶᠢ ᠪᠡᠶᠡᠯᠡᠭᠦᠯᠦᠭᠰᠡᠨ ᠨᠤᠷᠮ᠎ᠠ᠂ ᠲᠦᠷᠦᠯ ᠵᠦᠢᠯ ᠢ ᠭᠦᠢᠴᠡᠳᠬᠡᠭᠰᠡᠨ ᠨᠤᠷᠮ᠎ᠠ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠨᠤᠷᠮ᠎ᠠ ᠶᠢ ᠲᠤᠪᠤᠶᠢᠯᠭᠠᠵᠦ᠂ ᠬᠠᠷᠠᠯᠲᠠ ᠪᠠᠨ ᠲᠣᠳᠣᠷᠬᠠᠶᠢᠯᠠᠨ᠂ ᠬᠦᠴᠦ ᠪᠠᠨ ᠬᠠᠮᠲᠤᠳᠬᠠᠨ ᠤᠷᠤᠭᠰᠢᠯᠠᠵᠤ᠂ ᠰᠢᠨ᠎ᠡ ᠰᠢᠪᠲᠤᠯᠤᠯᠲᠠ ᠶᠢ ᠤᠷᠢᠳᠠᠪᠠᠷ ᠪᠡᠶᠡᠯᠡᠭᠦᠯᠬᠦ ᠳᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠪᠠ᠃ 2024 ᠣᠨ ᠤ ᠨᠢᠭᠡᠳᠦᠭᠡᠷ ᠤᠯᠠᠷᠢᠯ ᠳᠤ᠂ 35 ᠬᠤᠳᠠᠯᠳᠤᠭᠠᠴᠢᠨ ᠤᠷᠢᠬᠤ ᠰᠦᠪᠡᠭᠴᠢ ᠪᠦᠬᠦᠢ ᠠᠵᠤ ᠠᠬᠤᠶᠢᠯᠠᠯ ᠢ ᠡᠯᠰᠡᠨ ᠴᠤᠭᠯᠠᠭᠤᠯᠵᠤ᠂ᠨᠠᠷᠢᠯᠢᠭ  ᠣᠨᠣᠪᠴᠢᠲᠠᠢ ᠪᠠᠷ ᠬᠤᠳᠠᠯᠳᠤᠭᠠᠴᠢᠨ ᠤᠷᠢᠬᠤ ︽ᠤᠷᠢᠵᠤ ᠣᠷᠣᠭᠤᠯᠬᠤ᠂ ᠭᠠᠳᠠᠭᠰᠢ ᠭᠠᠷᠭᠠᠬᠤ︾ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠳᠤ 1 ᠤᠳᠠᠭ᠎ᠠ ᠣᠷᠣᠯᠴᠠᠵᠤ᠂ 7 ᠲᠥᠷᠥᠯ ᠵᠦᠢᠯ ᠤᠨ ᠭᠡᠷ᠎ᠡ ᠶᠢ ᠰᠢᠨ᠎ᠡ ᠪᠠᠷ ᠲᠣᠭᠲᠠᠪᠠ᠃     ᠬᠤᠶᠠᠷ᠂ ᠲᠣᠬᠢᠷᠠᠭᠤᠯᠤᠨ ᠵᠣᠬᠢᠴᠠᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠵᠤ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠵᠡᠷᠭᠡ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠳᠤ ᠠᠮᠢᠳᠤᠯᠢᠭ ᠢᠶᠠᠷ ᠲᠣᠬᠢᠷᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ᠂ ᠲᠥᠷᠥᠯ ᠵᠦᠢᠯ ᠤᠨ ᠬᠦᠴᠢᠷ ᠠᠰᠠᠭᠤᠳᠠᠯ ᠢ ᠨᠠᠷᠢᠯᠢᠭ ᠰᠢᠢᠳᠪᠦᠷᠢᠯᠡᠨ᠂ ᠠᠵᠢᠯ ᠤᠨ ᠬᠤᠭᠤᠴᠠᠭ᠎ᠠ ᠶᠢ ᠲᠣᠳᠣᠷᠬᠠᠢ ᠲᠣᠭᠲᠠᠭᠠᠨ᠂ ᠲᠥᠯᠥᠪᠯᠡᠭᠡ ᠲᠠᠢ ᠪᠠᠷ ᠠᠬᠢᠭᠤᠯᠵᠤ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠪᠡᠯᠡ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠵᠤ ᠪᠣᠢ᠃ 2024 ᠣᠨ ᠳᠤ᠂ ᠮᠠᠨ ᠤ ᠬᠤᠰᠢᠭᠤ 56 ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠵᠤ᠂  ᠶᠡᠷᠦᠩᠬᠡᠢ ᠪᠡᠯᠡ ᠣᠷᠤᠭᠤᠯᠤᠯᠲᠠ ᠨᠢ 219.45 ᠳ᠋ᠦᠩᠰᠢᠭᠤᠷ ᠪᠣᠯᠣᠨ᠎ᠠ᠃      ᠭᠤᠷᠪᠠ᠂ ᠣᠨ ᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠪᠦᠲᠦᠮᠵᠢᠲᠡᠶ ᠪᠡᠯᠡ ᠣᠷᠣᠭᠤᠯᠤᠯᠲᠠ ᠶᠢ ᠲᠣᠪᠤᠶᠢᠯᠭᠠᠨ ᠥᠷᠭᠡᠳᠬᠡᠨ᠎ᠡ      ᠡᠨᠡ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 500 ᠲᠦᠮᠡᠨ ᠲᠥᠭᠦᠷᠢᠭ ᠠᠴᠠ ᠳᠡᠭᠡᠭᠰᠢᠬᠢ ᠶᠡᠷᠦᠩᠬᠡᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠠᠭᠤᠳᠠᠯᠵᠤ᠂ ᠪᠡᠯᠡ ᠣᠷᠣᠭᠤᠯᠤᠯᠲᠠ ᠶᠢ ᠨᠢᠭᠡᠳᠬᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠢ  ᠳᠤᠨᠢ ᠬᠠᠪᠰᠤᠷᠤᠨ ᠰᠢᠢᠳᠪᠦᠷᠢᠯᠡᠵᠦ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ ᠪᠣᠢ᠃ 2024 ᠣᠨ ᠳᠤ᠂ ᠮᠠᠨ ᠤ ᠬᠤᠰᠢᠭᠤᠨ ᠤ ᠪᠥᠬᠦ ᠨᠡᠶᠢᠭᠡᠮ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠪᠠᠷ ᠨᠡᠮᠡᠭᠳᠡᠭᠦᠯᠬᠦ ᠪᠠᠷ ᠵᠢᠱᠢᠵᠦ᠂ ᠨᠢᠭᠡᠳᠦᠭᠡᠷ ᠤᠯᠠᠷᠢᠯ ᠳᠤ ᠵᠢᠯ ᠤᠨ ᠡᠭᠦᠷᠭᠡ ᠶᠢᠨ 19% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 114.9%  ᠪᠠᠷ  ᠨᠡᠮᠡᠭᠳᠡᠭᠦᠯᠪᠡ᠃     ᠳᠥᠷᠪᠡ᠂ ᠲᠥᠷᠥ ᠶᠢᠨ ᠪᠣᠳᠣᠯᠭ᠎ᠠ ᠶᠢ ᠠᠮᠢᠳᠤᠯᠢᠭ ᠬᠡᠷᠡᠭᠯᠡᠨ ᠠᠵᠠ ᠲᠣᠬᠢᠶᠠᠯ ᠢ ᠠᠮᠵᠢᠨ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠤᠨ᠎ᠠ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠣᠨᠴᠠᠭᠠᠶ ᠤᠯᠤᠰ ᠤᠨ ᠵᠢᠭᠡᠯᠡᠯᠭᠡ᠂ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠵᠦᠢᠯᠡᠰ ᠢ ᠲᠥᠯᠥᠪᠵᠢᠭᠦᠯᠦᠨ ᠪᠡᠯᠡᠳᠬᠡᠬᠦ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠵᠣᠯᠭᠠᠭᠤᠯᠤᠨ᠂ ᠰᠢᠨ᠎ᠡ ᠱᠠᠭᠠᠷᠳᠠᠯᠭ᠎ᠠ᠂ ᠰᠢᠨ᠎ᠡ ᠬᠠᠨᠳᠤᠰᠢ᠂ ᠬᠥᠳᠡᠯᠦᠩᠭᠦᠢ ᠪᠠᠶᠢᠳᠠᠯ ᠢ ᠣᠶᠢᠯᠠᠭᠠᠨ ᠡᠵᠡᠮᠰᠢᠵᠦ᠂ ᠲᠥᠷᠥᠯ ᠵᠦᠢᠯ ᠤᠨ ᠲᠥᠯᠥᠪᠵᠢᠭᠦᠯᠦᠨ ᠲᠣᠬᠢᠷᠠᠭᠤᠯᠬᠤ ᠴᠢᠭᠯᠡᠯ ᠢ ᠨᠠᠷᠢᠯᠢᠭ ᠣᠨᠣᠪᠴᠢᠲᠠᠢ ᠲᠣᠬᠢᠷᠠᠭᠤᠯᠪᠠ᠃ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠤᠯᠪᠤᠭᠠᠯᠠᠨ ᠬᠥᠳᠡᠯᠦᠯᠴᠡᠵᠦ᠂ ᠡᠳ᠋ ᠤᠨ ᠵᠠᠰᠠᠭ᠂ ᠲᠥᠷᠥᠯ ᠵᠦᠢᠯ ᠤᠨ ᠨᠢᠭᠡᠴᠡ ᠲᠠᠢ ᠬᠤᠯᠪᠤᠭᠠᠯᠠᠨ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠬᠦᠷᠢᠶ᠎ᠡ  ᠬᠡᠪᠴᠢᠶᠡᠨ ᠳᠤ ᠴᠢᠭᠯᠡᠭᠦᠯᠦᠨ᠂ ᠪᠠᠷᠠᠭᠤᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠷᠠᠭᠠᠯᠵᠠᠭᠰᠠᠨ ᠲᠥᠷᠥᠯ ᠵᠦᠢᠯ ᠢ ᠲᠥᠯᠥᠪᠯᠡᠵᠦ᠂ ᠲᠥᠷᠥᠯ ᠵᠦᠢᠯ ᠢ ᠳᠡᠭᠡᠭᠰᠢ ᠮᠡᠳᠡᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠪᠡ᠃ ᠡᠨᠡ ᠵᠢᠯ ᠠᠴᠠ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ 2 ᠲᠥᠷᠥᠯ ᠵᠦᠢᠯ ᠢ ᠭᠤᠶᠤᠴᠢᠯᠠᠵᠤ᠂ 1947 ᠲᠦᠮᠡᠨ ᠲᠥᠭᠦᠷᠢᠭ ᠤᠨ ᠪᠡᠯᠡ ᠮᠥᠩᠭᠦ ᠭᠤᠶᠤᠴᠢᠯᠠᠬᠤ ᠪᠠᠷ ᠲᠥᠯᠥᠪᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ 1 ᠲᠥᠷᠥᠯ ᠵᠦᠢᠯ ᠢ ᠪᠡᠯᠡᠳᠬᠡᠨ ᠲᠥᠰᠥᠪᠯᠡᠵᠦ᠂ 3200 ᠲᠦᠮᠡᠨ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠣᠶ᠃ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠣᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠬᠡᠪᠴᠢᠶᠡᠨ  ᠳᠠᠬᠢ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ 8 ᠲᠥᠷᠥᠯ ᠵᠦᠢᠯ ᠢ ᠪᠡᠯᠡᠳᠬᠡᠨ ᠲᠥᠯᠥᠪᠯᠡᠵᠦ ᠪᠠᠶᠢᠨ᠎ᠠ᠃      ᠲᠠᠪᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ      ᠮᠠᠨ ᠤ ᠬᠤᠰᠢᠭᠤ ᠨᠡᠭᠦᠷᠡᠰᠦ᠂ ᠴᠠᠬᠢᠯᠭᠠᠨ᠂ ᠰᠠᠯᠬᠢᠨ᠂ ᠬᠡᠷᠡᠯ᠂ ᠤᠰᠤᠲᠥ᠋ᠷᠥᠭᠴᠢ ᠶᠢᠨ ᠡᠨᠧᠷᠭᠢ ᠶᠢ ᠵᠡᠷᠭᠡᠪᠡᠷ ᠠᠰᠢᠭᠯᠠᠵᠤ᠂ ︽ᠭᠡᠷᠡᠯ᠂ ᠨᠡᠭᠦᠷᠡᠰᠦ᠂ ᠴᠠᠬᠢᠯᠭᠠᠨ ᠲᠣᠣᠷ ᠤᠨ ᠡᠬᠢ ᠪᠠᠶᠠᠯᠢᠭ ᠡᠯᠪᠡᠭ ᠪᠠᠶᠢᠳᠠᠭ︾ ᠶᠡᠷᠦᠩᠬᠡᠶᠢᠯᠡᠭᠰᠡᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢ ᠪᠠᠷᠢᠮᠲᠠᠯᠠᠨ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠰᠠᠶᠢᠨ ᠬᠢᠵᠦ᠂ ᠨᠡᠭᠦᠷᠡᠰᠦᠨ ᠤ ᠡᠬᠢ ᠪᠠᠶᠠᠯᠢᠭ ᠤᠨ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠯᠲᠠ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠂ ᠪᠠᠶᠠᠨᠬᠤᠸᠠ ᠠᠭᠤᠷᠬᠠᠢ ᠶᠢᠨ ᠠᠮᠠᠰᠠᠷ ᠤᠨ ᠴᠠᠬᠢᠯᠭᠠᠨ ᠦᠢᠯᠡᠳᠪᠦᠷᠢ  ᠶᠢᠨ ᠨᠢᠭᠡᠳᠦᠭᠡᠷ ᠮᠠᠰᠢᠨ ᠴᠣᠭᠴᠠᠯᠠᠪᠤᠷᠢ ᠪᠣᠯᠣᠨ ᠬᠤᠶᠠᠳᠤᠭᠠᠷ ᠨᠣᠮᠧᠷᠲᠤ ᠵᠤᠤᠬ᠎ᠠ ᠶᠢ ᠠᠮᠵᠢᠯᠲᠠ ᠲᠠᠢ ᠪᠠᠷ ᠠᠰᠢᠭᠯᠠᠯᠲᠠ ᠳᠤ ᠣᠷᠤᠭᠤᠯᠪᠠ᠃ ᠰᠦ᠋ ᠨᠧᠩ ᠪᠠᠶᠠᠨᠬᠤᠸᠠ ᠴᠠᠬᠢᠯᠭᠠᠨ ᠤ ᠦᠢᠯᠡᠳᠪᠦᠷᠢ ᠨᠢ 3 ᠰᠠᠷ᠎ᠠ ᠶᠢᠨ ᠳᠤᠮᠳᠠᠴᠢ ᠪᠠᠷ ᠲᠠᠯᠠᠪᠠᠢ ᠶᠢ ᠲᠡᠭᠰᠢᠯᠡᠬᠦ ᠠᠵᠢᠯ᠂ ᠰᠢᠷᠣᠢ ᠮᠠᠯᠲᠠᠬᠤ ᠠᠵᠢᠯ ᠢ ᠳᠠᠷᠠᠭᠠᠯᠠᠨ ᠥᠷᠨᠢᠭᠦᠯᠵᠡᠢ᠃ ᠴᠠᠬᠢᠯᠭᠠᠨ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠶᠠᠨᠬᠤᠸᠠ ᠠᠭᠤᠷᠬᠠᠢ ᠶᠢᠨ ᠠᠮᠠᠰᠠᠷ ᠤᠨ ᠴᠠᠬᠢᠯᠭᠠᠨ ᠤ ᠦᠢᠯᠡᠳᠪᠦᠷᠢ ᠶᠢᠨ 500 kv ᠤᠨ ᠴᠠᠬᠢᠯᠭᠠᠨ ᠬᠦᠷᠭᠡᠬᠦ ᠢᠨᠵᠧᠨᠧᠷᠢᠩ ᠢ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠤᠯᠪᠠ᠃ ︽ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ︾ ᠬᠠᠷᠠᠯᠲᠠ ᠪᠠᠷ ᠵᠢᠯᠣᠭᠤᠳᠤᠮᠵᠢ ᠪᠣᠯᠭᠠᠵᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠲᠡᠦᠬᠡᠲᠦ ᠴᠢᠨᠠᠷᠲᠠᠢ ᠠᠵᠠ ᠲᠣᠬᠢᠶᠠᠯ ᠢ ᠠᠮᠵᠢᠨ᠂ ᠨᠢᠭᠡ ᠪᠦᠯᠦᠭ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠲᠡᠢ ᠲᠥᠯᠥᠪᠯᠡᠨ ᠪᠠᠶᠢᠷᠢᠯᠠᠭᠤᠯᠵᠤ᠂ ᠪᠠᠶᠠᠨᠬᠤᠸᠠ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠣᠷᠣᠯᠠᠬᠤ ᠢᠨᠵᠧᠨᠧᠷᠢᠩ ᠤᠨ 300MW ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠪᠠᠶᠠᠨᠬᠤᠸᠠ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ 50MW ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠂ ᠪᠠᠶᠠᠨᠬᠤᠸᠠ ᠶᠢᠨ ᠶᠢᠨ ᠱᠠᠨ ᠴᠠᠬᠢᠯᠭᠠᠨ ᠤ ᠦᠢᠯᠡᠳᠪᠦᠷᠢ ᠶᠢᠨ 70MW ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢ ᠴᠥᠮ ᠭᠦᠢᠴᠡᠳᠬᠡᠯ ᠲᠤᠭ᠎ᠠ ᠶᠢᠨ ᠴᠣᠬᠤᠯᠠᠪᠤᠷᠢ ᠶᠢ ᠣᠯᠵᠤ᠂ ᠪᠠᠶᠠᠨᠬᠤᠸᠠ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠢᠯᠴᠢ ᠴᠠᠬᠢᠯᠭᠠᠨ ᠤ ᠥᠭᠡᠷᠡᠴᠢᠯᠡᠯᠲᠡ ᠶᠢᠨ 240MW ᠤᠨ ᠰᠠᠯᠬᠢᠨ ᠬᠦᠴᠦᠨ ᠤ ᠴᠠᠬᠢᠯᠭᠠᠨ ᠤ ᠢᠵᠢ ᠪᠦᠷᠢᠨ ᠲᠥᠷᠥᠯ ᠵᠦᠢᠯ ᠤᠨ ᠮᠡᠳᠡᠭᠦᠯᠬᠦ ᠲᠥᠰᠥᠯ ᠢ ᠣᠶᠢᠷ᠎ᠠ ᠶᠢᠨ ᠬᠤᠭᠤᠴᠠᠭᠠᠨ ᠳᠤ ᠬᠢᠨᠠᠨ ᠲᠣᠭᠲᠠᠭᠠᠬᠤ ᠪᠣᠯᠣᠨ᠎ᠠ᠃ ᠪᠣᠬᠢᠷᠲᠤᠯ ᠦᠭᠡᠢ  ᠳᠣᠣᠷ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠲᠣᠮᠣ ᠬᠡᠯᠪᠡᠷᠢ ᠶᠢᠨ ᠲᠡᠭᠡᠭᠡᠪᠦᠷᠢ ᠶᠢᠨ ᠮᠠᠰᠢᠨ ᠵᠢᠴᠢ ᠴᠠᠬᠢᠯᠭᠠᠨ ᠴᠡᠨᠡᠭᠯᠡᠬᠦ ᠪᠠ ᠴᠡᠨᠡᠭ ᠰᠣᠯᠢᠬᠤ ᠥᠷᠲᠡᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠂ ᠵᠥᠩ ᠭᠤᠸᠠᠩ ᠴᠧᠨ ᠤ ᠴᠡᠪᠡᠷ ᠡᠨᠧᠷᠭᠢ ᠶᠢᠨ ᠰᠤᠷᠪᠤᠯᠵᠢ ᠶᠢᠨ ᠮᠠᠰᠢᠨ ᠤ ᠴᠠᠬᠢᠯᠭᠠᠨ ᠴᠡᠨᠡᠭᠯᠡᠬᠦ ᠪᠠ ᠴᠡᠨᠡᠭ ᠰᠣᠯᠢᠬᠤ ᠥᠷᠲᠡᠭᠡ᠂ ᠱᠠᠩᠬᠠᠢ ᠶᠢᠨ ᠴᠢ ᠶᠤᠸᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠮᠣ ᠬᠡᠯᠪᠡᠷᠢ ᠶᠢᠨ ᠲᠡᠭᠡᠭᠡᠪᠦᠷᠢ ᠶᠢᠨ ᠮᠠᠰᠢᠨ ᠤ ᠴᠡᠨᠡᠭ ᠰᠣᠯᠢᠬᠤ ᠥᠷᠲᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠂ ᠯᠠᠨ ᠬᠠᠢ ᠮᠦ ᠶᠤᠸᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠴᠡᠨᠡᠭᠯᠡᠬᠦ ᠴᠠᠬᠢᠯᠭᠠᠨ ᠥᠷᠲᠡᠭᠡ ᠶᠢᠨ ᠨᠢᠭᠡᠳᠦᠭᠡᠷ ᠥᠷᠲᠡᠭᠡ ᠶᠢᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠤᠷᠤᠭᠰᠢᠲᠠᠢ ᠠᠬᠢᠵᠤ ᠪᠣᠢ᠃ ᠡᠳᠡᠭᠡᠷ ᠲᠥᠷᠥᠯ ᠵᠦᠢᠯ  ᠢ ᠠᠮᠵᠢᠯᠲᠠ ᠲᠠᠢ ᠬᠡᠷᠡᠭᠵᠢᠭᠦᠯᠬᠦ ᠨᠢ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠬᠦ ᠂ ᠡᠨᠧᠷᠭᠢ ᠶᠢᠨ ᠰᠤᠷᠪᠤᠯᠵᠢ ᠶᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠬᠤ᠂ ᠭᠠᠵᠠᠷ ᠣᠷᠣᠨ ᠤ ᠡᠨᠧᠷᠭᠢ ᠶᠢᠨ ᠰᠤᠷᠪᠤᠯᠵᠢ ᠶᠢᠨ ᠳᠠᠪᠠᠭᠤᠯᠢᠭ ᠢ ᠪᠦᠲᠦᠮᠵᠢᠲᠡᠶ ᠪᠠᠷ ᠬᠤᠪᠢᠷᠠᠭᠤᠯᠬᠤ ᠶᠢ ᠲᠦᠷᠭᠡᠳᠬᠡᠬᠦ᠂ ᠠᠵᠤ ᠠᠬᠤᠢ ᠶᠢᠨ ᠦᠷ᠎ᠡ ᠠᠰᠢᠭ ᠬᠢᠭᠡᠳ ᠠᠮᠢ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠳᠤ ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号