ᠪᠠᠷᠠᠭᠤᠨ ᠦᠵᠦᠮᠦᠴᠢᠨ ᠬᠤᠰᠢᠭᠤ ᠰᠤᠷᠤᠯᠴᠠᠯᠭ᠎ᠠ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠥᠷᠭᠡᠳᠬᠡᠵᠦ ᠠᠯᠪᠠᠲᠠᠨ ᠤ ᠬᠠᠤᠯᠢ ᠶᠢ ᠰᠤᠷᠤᠯᠴᠠᠬᠤ ᠬᠠᠯᠠᠭᠤᠨ ᠥᠷᠨᠢᠯᠲᠡ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/25
      ᠠᠯᠪᠠᠲᠠᠨ ᠤ ᠬᠠᠤᠯᠢ ᠵᠢᠴᠢ ᠢᠵᠢ ᠪᠦᠷᠢᠨ ᠬᠠᠤᠯᠢ ᠲᠣᠭᠲᠠᠭᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠲᠠᠨ ᠤ ᠠᠵᠢᠯ ᠤᠨ ︽ᠵᠢᠷᠤᠮᠵᠢᠭᠤᠯᠤᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤ ᠪᠥᠬᠦ ᠲᠠᠯ᠎ᠠ ᠪᠠᠷ ᠰᠤᠷᠤᠯᠴᠠᠬᠤ᠂ ᠰᠢᠰᠲ᠋ᠧᠮ ᠲᠠᠢ ᠰᠤᠷᠤᠯᠴᠠᠬᠤ᠂ ᠭᠦᠨᠵᠡᠭᠡᠢ ᠰᠤᠷᠤᠯᠴᠠᠬᠤ᠂ ᠭᠤᠣᠯᠳᠠᠯᠭ᠎ᠠ ᠲᠠᠢ ᠰᠤᠷᠤᠯᠴᠠᠬᠤ ᠵᠡᠷᠭᠡ ᠰᠤᠷᠤᠯᠴᠠᠬᠤ ᠠᠷᠭ᠎ᠠ ᠬᠡᠯᠪᠡᠷᠢ ᠶᠢ ᠬᠡᠷᠡᠭᠯᠡᠨ᠂ ᠬᠠᠤᠯᠢ ᠶᠢ ᠰᠤᠷᠤᠯᠴᠠᠬᠤ ᠬᠠᠤᠯᠢ ᠶᠢ ᠣᠶᠢᠯᠠᠭᠠᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃       ᠤᠬᠠᠭᠤᠯᠭ᠎ᠠ + ︽ᠪᠦᠬᠦ ᠲᠠᠯ᠎ᠠ ᠪᠠᠷ ᠰᠤᠷᠤᠯᠴᠠᠬᠤ︾ ᠶᠢ ᠳᠡᠯᠭᠡᠷᠡᠭᠦᠯᠬᠦ ᠠᠷᠭ᠎ᠠ ᠬᠡᠯᠪᠡᠷᠢ᠃ ᠪᠠᠷᠠᠭᠤᠨ ᠦᠵᠦᠮᠦᠴᠢᠨ ᠤ ᠬᠤᠰᠢᠭᠤᠴᠢ ᠨᠠᠮ ᠤᠨ ᠪᠠᠶᠢᠭᠤᠯᠤᠯᠲᠠ ᠶᠢᠨ ᠰᠦᠯᠵᠢᠶ᠎ᠡ ᠳᠤ ︽ᠠᠯᠪᠠᠲᠠᠨ ᠤ ᠬᠠᠤᠯᠢ ᠵᠢᠴᠢ ᠢᠵᠢ ᠪᠦᠷᠢᠨ ᠬᠠᠤᠯᠢ ᠲᠣᠭᠲᠠᠭᠠᠯ︾ ᠤᠨ ᠲᠤᠰᠬᠠᠢ ᠪᠤᠯᠤᠩ ᠲᠣᠬᠢᠷᠠᠭᠤᠯᠵᠤ᠂ ᠤᠤᠯ ᠵᠣᠬᠢᠶᠠᠯ ᠢ ᠳᠠᠮᠵᠢᠭᠤᠯᠤᠨ ᠨᠡᠶᠢᠲᠡᠯᠡᠬᠦ᠂ ᠵᠢᠷᠤᠭ ᠦᠰᠦᠭ ᠪᠢᠴᠢᠭ ᠢ ᠤᠶᠠᠯᠳᠤᠭᠤᠯᠬᠤ᠂ ᠸᠢᠳᠢᠤ᠋ ᠪᠠᠷ ᠲᠠᠶᠢᠯᠪᠤᠷᠢᠯᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠠᠯᠪᠠᠲᠠᠨ ᠤ ᠬᠠᠤᠯᠢ ᠵᠢᠴᠢ ᠢᠵᠢ ᠪᠦᠷᠢᠨ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠠᠯᠪᠠᠲᠠᠨ ᠤ ᠬᠠᠤᠯᠢ ᠶᠢ ᠣᠶᠢᠯᠠᠭᠠᠬᠤ ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠺᠠᠳ᠋ᠷ ᠣᠯᠠᠨ ᠲᠦᠮᠡᠨ ᠢᠯᠠᠩᠭᠤᠶ᠎ᠠ ᠥᠷᠭᠡᠨ ᠣᠯᠠᠨ ᠠᠯᠪᠠᠲᠠᠨ ᠤ ᠠᠯᠪᠠᠲᠠᠨ ᠤ ᠬᠠᠤᠯᠢ ᠶᠢ ᠵᠥᠪ ᠲᠠᠨᠢᠵᠤ ᠡᠵᠡᠮᠰᠢᠬᠦ ᠶᠢ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠰᠢᠭᠦᠬᠦ ᠬᠤᠷᠢᠶ᠎ᠠ᠂ ᠲᠠᠷᠢᠶᠠᠯᠠᠩ ᠮᠠᠯ ᠠᠵᠤ ᠠᠬᠤᠢ ᠵᠡᠷᠭᠡ  ᠪᠠᠶᠢᠭᠤᠯᠭ᠎ᠠ ᠨᠢᠭᠡᠴᠡ ᠠᠯᠪᠠᠨ ᠵᠠᠷ ᠤᠨ ᠰᠠᠮᠪᠠᠷ᠎ᠠ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠠᠯᠪᠠᠲᠠᠨ ᠤ ᠬᠠᠤᠯᠢ ᠵᠢᠴᠢ ᠢᠵᠢ  ᠪᠦᠷᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠮᠥᠨ ᠴᠢᠨᠠᠷ᠂ ᠦᠨᠳᠦᠰᠦᠨ ᠠᠭᠤᠯᠭ᠎ᠠ ᠶᠢ ᠤᠬᠠᠭᠤᠯᠵᠤ᠂ ᠪᠥᠬᠦ ᠬᠤᠰᠢᠭᠤᠨ ᠳᠤ ᠰᠤᠷᠤᠯᠴᠠᠨ ᠤᠬᠠᠭᠤᠯᠬᠤ᠂ ᠲᠤᠤᠱᠯᠠᠭᠤᠯᠤᠨ ᠬᠡᠷᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃       ᠬᠠᠪᠰᠤᠷᠤᠨ ᠵᠢᠯᠤᠭᠤᠳᠬᠤ + ︽ᠰᠢᠰᠲ᠋ᠧᠮ ᠲᠠᠢ ᠰᠤᠷᠤᠯᠴᠠᠬᠤ︾ ᠪᠣᠯᠪᠠᠰᠤᠷᠠᠯ ᠤᠨ ᠠᠷᠭ᠎ᠠ ᠬᠡᠯᠪᠡᠷᠢ᠃ ᠠᠯᠪᠠᠲᠠᠨ ᠤ ᠬᠠᠤᠯᠢ ᠶᠢ ᠪᠦᠬᠦ ᠬᠤᠰᠢᠭᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ᠂ ᠤᠳᠤᠷᠢᠳᠬᠤ ᠺᠠᠳ᠋ᠷ ᠤᠨ ᠲᠤᠰᠢᠶᠠᠯ ᠬᠠᠷᠢᠭᠤᠴᠠᠬᠤ ᠪᠣᠯᠪᠠᠰᠤᠷᠠᠯ ᠤᠨ ᠵᠠᠪᠠᠯ ᠰᠤᠷᠬᠤ ᠠᠭᠤᠯᠭ᠎ᠠ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠵᠡᠷᠭᠡ ᠳᠤ ᠣᠷᠣᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠢ ᠰᠤᠷᠤᠯᠴᠠᠬᠤ ᠲᠠᠢ ᠤᠶᠠᠯᠳᠤᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠤᠯᠤᠰ ᠲᠦᠷᠦ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠵᠠᠯᠠᠭᠤ ᠺᠠᠳ᠋ᠷ ᠤᠨ ᠬᠦᠰᠡᠯᠡᠩ ᠢᠲᠡᠭᠡᠯ ᠪᠢᠰᠢᠷᠡᠯ ᠢ ᠴᠢᠩᠭᠠᠳᠬᠠᠬᠤ ᠵᠡᠷᠭᠡ ᠲᠤᠰᠬᠠᠢ ᠰᠡᠳᠦᠪ ᠢᠶᠠᠷ ᠳᠠᠮᠵᠢᠭᠤᠯᠤᠨ᠂  ᠨᠢᠭᠡᠳᠦᠯᠲᠡᠢ ᠪᠣᠯᠪᠠᠰᠤᠷᠠᠯ᠂ ᠤᠨᠤᠯ ᠤᠨ ᠰᠢᠯᠭᠠᠯᠲᠠ ᠶᠢ ᠲᠡᠰ ᠲᠦᠷᠦᠯ ᠬᠤᠪᠢᠶᠠᠨ ᠥᠷᠨᠢᠭᠦᠯᠵᠦ᠂  ᠪᠦᠬᠦ ᠠᠯᠪᠠᠲᠠᠨ ᠤ ᠪᠣᠯᠪᠠᠰᠤᠷᠠᠯ ᠳᠤ ᠣᠷᠣᠯᠴᠠᠬᠤ ᠶᠢ ᠪᠠᠲᠤᠯᠠᠵᠠᠢ᠃ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠯᠪᠠᠲᠠᠨ ᠤ ᠬᠠᠤᠯᠢ ᠵᠢᠴᠢ ᠢᠵᠢ ᠪᠦᠷᠢᠨ ᠬᠠᠤᠯᠢ ᠲᠣᠭᠲᠠᠭᠠᠯ ᠢ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠪᠥᠬᠦ ᠪᠠᠭᠰᠢ ᠠᠵᠢᠯᠲᠠᠨ ᠢ ᠵᠣᠬᠢᠶᠠᠨ ᠪᠠᠶᠢᠭᠤᠯᠤᠨ  ᠰᠤᠷᠤᠯᠴᠠᠭᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠨᠢ ᠠᠵᠢᠯ ᠲᠥᠷᠥᠯ᠂ ᠬᠦᠷᠢᠶ᠎ᠡ  ᠬᠡᠪᠴᠢᠶ᠎ᠡ ᠪᠠᠷ ᠨᠢᠭᠡᠴᠢ ᠪᠣᠯᠭᠠᠨ ᠨᠢᠭᠡᠳᠦᠯᠲᠡᠢ ᠰᠤᠷᠤᠯᠴᠠᠯᠭ᠎ᠠ᠂ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠶᠢ ᠥᠷᠨᠢᠭᠦᠯᠵᠦ᠂ ᠠᠯᠪᠠᠲᠠᠨ ᠤ ᠬᠠᠤᠯᠢ ᠰᠤᠷᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠪᠠ᠃      ᠬᠠᠷᠢᠯᠴᠠᠭ᠎ᠠ + ︽ᠭᠦᠨᠵᠡᠭᠡᠢ ᠰᠤᠷᠤᠯᠴᠠᠬᠤ︾ ᠲᠠᠯ᠎ᠠ ᠪᠠᠷ ᠬᠠᠷᠢᠯᠴᠠᠨ ᠰᠣᠯᠢᠯᠴᠠᠬᠤ ᠠᠷᠭ᠎ᠠ ᠬᠡᠯᠪᠡᠷᠢ᠃ ︽ᠬᠠᠤᠯᠢ ᠶᠢ ᠰᠤᠷᠤᠯᠴᠠᠵᠤ ᠲᠤᠰᠢᠶᠠᠯ ᠢᠶᠠᠨ ᠭᠦᠢᠴᠡᠳᠬᠡᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾ ᠪᠥᠬᠦ ᠬᠤᠰᠢᠭᠤᠨ ᠤ ᠠᠯᠪᠠᠲᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠷᠤᠯᠳᠤᠭᠠᠨ ᠢ ᠡᠷᠭᠢᠯᠡᠵᠦ᠂ ᠪᠥᠬᠦ ᠬᠤᠰᠢᠭᠤᠨ ᠤ ᠠᠯᠪᠠᠨ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠨᠡᠶᠢᠲᠡ 21 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ᠂ 3 ᠡᠭᠡᠯᠵᠢ ᠶᠢᠨ ᠪᠡᠯᠡᠳᠬᠡᠯ ᠤᠷᠤᠯᠳᠤᠭᠠᠨ ᠪᠠ 1 ᠡᠭᠡᠯᠵᠢ ᠶᠢᠨ ᠰᠢᠢᠳᠪᠦᠷᠢᠲᠦ ᠤᠷᠤᠯᠳᠤᠭᠠᠨ ᠢᠶᠠᠷ ᠳᠡᠮᠵᠢᠨ᠂  ᠨᠢᠭᠡᠳᠦᠭᠡᠷ ᠳᠡᠰ ᠲᠤ 1 ᠲᠥᠯᠥᠭᠡᠯᠡᠭᠴᠢᠳ ᠤᠨ ᠠᠩᠭᠢ᠂ ᠬᠤᠶᠠᠳᠤᠭᠠᠷ ᠳᠡᠰ ᠲᠤ 2 ᠲᠥᠯᠥᠭᠡᠯᠡᠭᠴᠢᠳ ᠤᠨ ᠠᠩᠭᠢ᠂ ᠭᠤᠷᠪᠠᠳᠤᠭᠠᠷ ᠳᠡᠰ ᠲᠤ 3 ᠲᠥᠯᠥᠭᠡᠯᠡᠭᠴᠢᠳ ᠤᠨ ᠠᠩᠭᠢ ᠲᠤᠰ ᠲᠤᠰ ᠰᠢᠯᠭᠠᠷᠠᠵᠤ᠂   ᠲᠣᠪᠣᠶᠢᠮ᠎ᠠ ᠢᠯᠡᠷᠡᠯ ᠲᠠᠢ 3 ᠣᠷᠣᠯᠴᠠᠭᠴᠢ ᠳᠤ ᠬᠤᠪᠢ ᠬᠥᠮᠥᠨ ᠤ ᠱᠠᠩᠨᠠᠯ ᠭᠠᠷᠳᠠᠪᠠ᠃ ᠱᠠᠩᠨᠠᠯ ᠣᠯᠭᠤᠬᠤ ᠶᠣᠰᠣᠯᠠᠯ ᠳᠤ᠂ 2023 ᠣᠨ ᠤ ᠪᠥᠬᠦ ᠤᠯᠤᠰ ᠤᠨ ︽ᠬᠠᠮᠤᠭ ᠤᠨ ᠭᠤᠶᠣ ᠠᠯᠪᠠᠲᠠᠨ︾ ᠤ ᠲᠡᠷᠢᠭᠦᠨ ᠤ ᠦᠶᠯᠡ ᠠᠵᠢᠯᠯᠠᠭ᠎ᠠ ᠶᠢᠨ ᠦᠵᠡᠭᠦᠯᠦᠯᠭᠡ ᠶᠢ ᠵᠣᠬᠢᠶᠠᠨ ᠪᠠᠶᠢᠭᠤᠯᠤᠨ ᠰᠣᠨᠢᠷᠬᠠᠭᠤᠯᠵᠤ᠂ ᠥᠷᠭᠡᠨ ᠣᠯᠠᠨ ᠠᠯᠪᠠᠲᠠᠨ ᠤ ᠠᠵᠢᠯ ᠤᠨ ᠪᠦᠲᠦᠮᠵᠢ  ᠶᠢᠨ ᠲᠤᠬᠠᠢ ᠵᠥᠪ ᠦᠵᠡᠯᠲᠡ ᠶᠢ ᠵᠢᠯᠣᠭᠤᠳᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠤᠨ᠂ ᠴᠢᠨᠠᠷ ᠰᠠᠶᠢᠲᠠᠢ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠪᠠ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠯᠪᠠᠲᠠᠨ ᠤ ᠬᠠᠤᠯᠢ ᠵᠢᠴᠢ ᠢᠵᠢ ᠪᠦᠷᠢᠨ ᠬᠠᠤᠯᠢ ᠲᠣᠭᠲᠠᠭᠠᠯ ᠢ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ ︾ ᠪᠠ ᠨᠠᠮ ᠤᠨ ᠲᠣᠭᠲᠠᠮᠠᠯ ᠡᠳᠦᠷ ᠤᠨ ᠠᠵᠢᠯᠯᠠᠭ᠎ᠠ ᠵᠡᠷᠭᠡ ᠰᠤᠷᠤᠯᠴᠠᠬᠤ ᠠᠭᠤᠯᠭ᠎ᠠ ᠳᠤ ᠣᠷᠣᠭᠤᠯᠪᠠ᠃ ᠪᠠᠯᠠᠭᠠᠷᠭᠤᠯ ᠪᠠᠯᠭᠠᠰᠤ ᠶᠠᠷᠢᠯᠴᠠᠨ ᠰᠣᠯᠢᠯᠴᠠᠬᠤ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ᠂ ᠮᠡᠳᠡᠯᠭᠡ ᠬᠤᠪᠢᠶᠠᠯᠴᠠᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠣᠯᠠᠨ ᠠᠯᠪᠠᠲᠠᠨ ᠢ ᠵᠣᠬᠢᠶᠠᠨ ᠪᠠᠶᠢᠭᠤᠯᠤᠨ ᠭᠦᠨᠵᠡᠭᠡᠢ ᠰᠤᠷᠤᠯᠴᠠᠭᠤᠯᠵᠤ᠂ ᠰᠣᠷᠣᠭᠰᠠᠨ ᠢᠶᠠᠨ ᠬᠡᠷᠡᠭᠯᠡᠵᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠢ   ᠳᠡᠭᠡᠭᠰᠢᠯᠡᠭᠦᠯᠪᠡ᠃      ᠥᠪᠡᠷᠲᠡᠭᠡᠨ ᠦᠨᠡᠯᠡᠬᠦ + ︽ᠭᠤᠣᠯᠳᠠᠯᠭ᠎ᠠ ᠲᠠᠢ ᠰᠤᠷᠤᠯᠴᠠᠬᠤ︾ ᠶᠢ ᠬᠢᠨᠠᠨ ᠰᠢᠯᠭᠠᠬᠤ ᠠᠷᠭ᠎ᠠ ᠬᠡᠯᠪᠡᠷᠢ᠃ ︽ᠪᠥᠬᠦ ᠬᠤᠰᠢᠭᠤᠨ ᠤ ᠠᠯᠪᠠᠨ ᠪᠠᠶᠢᠭᠤᠯᠭ᠎ᠠ ︵ᠨᠢᠭᠡᠴᠡ︶ ᠶᠢᠨ ᠠᠯᠪᠠᠲᠠᠨ ᠤ ᠠᠵᠢᠯ ᠢ ᠭᠦᠨᠵᠡᠭᠡᠢ ᠥᠷᠨᠢᠭᠦᠯᠬᠦ  ︿ᠵᠢᠷᠤᠮᠵᠢᠭᠤᠯᠤᠨ ᠳᠡᠭᠡᠭᠰᠢᠯᠡᠭᠦᠯᠬᠦ ᠣᠨ﹀ ᠤ ᠠᠵᠢᠯᠯᠠᠭ᠎ᠠ ᠶᠢᠨ ᠪᠣᠳᠠᠲᠠᠢ ᠠᠵᠢᠯ ᠤᠨ ᠲᠥᠰᠥᠯ︾ ᠢ ᠲᠣᠭᠲᠠᠭᠠᠵᠤ᠂ ᠵᠢᠷᠭᠤᠭᠠᠨ ᠲᠠᠯ᠎ᠠ ᠶᠢᠨ 18 ᠵᠦᠢᠯ ᠤᠨ ᠠᠷᠭ᠎ᠠ ᠬᠡᠮᠵᠢᠶ᠎ᠡ ᠲᠠᠢ  ᠬᠠᠷᠢᠴᠠᠭᠤᠯᠤᠨ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠢ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠠᠯᠪᠠᠲᠠᠨ ᠤ ᠬᠠᠤᠯᠢ ᠵᠢᠴᠢ ᠢᠵᠢ ᠪᠦᠷᠢᠨ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠳᠠᠯ ᠪᠠ ᠪᠠᠭᠤᠷᠠᠢ ᠲᠠᠯ᠎ᠠ ᠶᠢ ᠡᠷᠢᠵᠦ᠂ ᠲᠤᠰᠢᠶᠠᠯ ᠪᠠ ᠲᠤᠰᠢᠶᠠᠯ ᠤᠨ ᠲᠠᠰ ᠢ ᠵᠡᠷᠭᠡᠪᠡᠷ ᠬᠡᠷᠡᠭᠵᠢᠭᠦᠯᠬᠦ ᠲᠣᠭᠲᠠᠭᠠᠯ ᠪᠣᠯᠣᠨ ︽ᠠᠯᠪᠠᠲᠠᠨ ᠤ ᠪᠣᠯᠪᠠᠰᠤᠷᠠᠯ ᠤᠨ ᠲᠣᠭᠲᠠᠭᠠᠯ︾᠂ ︽ᠠᠯᠪᠠᠲᠠᠨ ᠤ ᠡᠩ ᠤᠨ ᠴᠠᠭ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ ᠲᠣᠭᠲᠠᠭᠠᠯ ᠤᠨ ᠭᠤᠣᠯᠳᠠᠯᠭ᠎ᠠ ᠲᠠᠢ ᠰᠤᠷᠤᠯᠴᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠪᠥᠬᠦ ᠬᠤᠰᠢᠭᠤᠨ ᠤ ᠠᠯᠪᠠᠲᠠᠨ ᠤ ᠠᠵᠢᠯ ᠢ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠪᠠ᠃ ᠪᠠᠶᠠᠨᠬᠤᠰᠢᠭᠤ ᠰᠤᠮᠤ ᠠᠯᠪᠠᠲᠠᠨ ᠢ ᠬᠢᠨᠠᠨ ᠰᠢᠯᠭᠠᠵᠤ ᠳᠡᠪᠰᠢᠭᠦᠯᠬᠦ᠂ ᠬᠠᠷᠠᠭᠠᠯᠵᠠᠯ ᠢ ᠪᠠᠲᠤᠯᠠᠬᠤ᠂ ᠬᠢᠨᠠᠯᠲᠠ ᠲᠠᠯᠪᠢᠵᠤ ᠵᠠᠯᠬᠠᠭᠠᠨ ᠴᠡᠭᠡᠷᠯᠡᠭᠦᠯᠬᠦ ᠵᠡᠷᠭᠡ ᠲᠣᠭᠲᠠᠭᠠᠯ ᠢ ᠭᠤᠣᠯᠳᠠᠯᠭ᠎ᠠ ᠲᠠᠢ ᠰᠤᠷᠤᠯᠴᠠᠵᠤ᠂ ᠨᠠᠮ ᠤᠨ ᠬᠤᠷᠢᠶᠠᠨ ᠤ ᠱᠦᠵᠢ ᠠᠴᠠ ᠺᠠᠳ᠋ᠷ ᠢ ᠴᠢᠩᠭ᠎ᠠ ᠬᠠᠮᠢᠶᠠᠷᠬᠤ ᠬᠤᠯᠪᠣᠭᠳᠠᠯ ᠪᠦᠬᠦᠢ ᠲᠣᠭᠲᠠᠭᠠᠯ ᠤᠨ ᠲᠤᠬᠠᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠨᠢ ᠨᠢᠭᠡᠳᠦᠯᠲᠡᠢ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠵᠡᠷᠭᠡ ᠲᠠᠢ ᠤᠶᠠᠯᠳᠤᠭᠤᠯᠤᠨ ᠮᠡᠳᠡᠯᠭᠡ ᠶᠢᠨ ᠰᠢᠯᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠠᠭᠤᠯᠭ᠎ᠠ ᠶᠢ ᠨᠥᠬᠦᠵᠦ ᠰᠤᠷᠤᠯᠴᠠᠬᠤ ᠶᠢ ᠴᠢᠩᠭᠠᠳᠬᠠᠨ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠪᠠᠬᠢᠵᠢᠭᠦᠯᠦᠨ ᠳᠡᠭᠡᠭᠰᠢᠯᠡᠭᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号