ᠨᠤᠮ ᠢᠶᠠᠨ ᠲᠡᠭᠡᠳᠦᠯᠡᠭᠰᠡᠨ ᠪᠠᠭ᠋ᠠᠷᠬᠠᠯᠳᠤ ᠠᠵᠢᠯᠯᠠᠭ᠎ᠠ
ᠨᠡᠶᠢᠲᠡᠯᠡᠭᠰᠡᠨ ᠴᠠᠭ᠄
2024/4/25
                     ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ︽ᠤᠷᠠᠨ ᠤᠩᠰᠢᠯᠭᠠᠳᠤ ᠤᠮᠠᠷᠠᠳᠤ ᠬᠢᠯᠢ᠂ ᠨᠤᠮ ᠤᠨ ᠪᠤᠶᠠᠨ ᠲᠠᠢ ᠪᠠᠶᠠᠠᠬᠤᠸᠠ︾ ᠭᠤᠤᠯ ᠰᠡᠳᠦᠪᠳᠦ ᠬᠤᠷᠢ ᠶᠢᠰᠦᠳᠦᠭᠡᠷ ᠬᠤᠭᠤᠴᠠᠭᠠᠨ ᠤ ᠲᠡᠯᠡᠬᠡᠢ ᠶᠢᠨ ᠨᠤᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ 4 ᠰᠠᠷ᠎ᠠ ᠶᠢᠨ 22 ᠤ ᠡᠳᠦᠷ ᠤᠳᠬ᠎ᠠ ᠲᠡᠭᠦᠯᠳᠡᠷ ᠶᠠᠪᠤᠭᠳᠠᠪᠠ᠃     ᠡᠩ ᠲᠡᠷᠢᠭᠦᠨ ᠳᠤ ︽ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠤᠨᠤᠰᠴᠤ ᠨᠠᠮ ᠢᠶᠠᠨ ᠲᠠᠭᠠᠨ ᠤᠷᠤᠭᠰᠢᠯᠠᠬᠤ︾ ᠭᠤᠤᠯ ᠰᠡᠳᠦᠪ ᠤᠨ ᠲᠤᠭᠤᠷᠢᠨ ᠳᠤ ︽ᠵᠢᠷᠭᠤᠭᠠᠨ ᠦᠭᠦᠯᠡᠪᠦᠷᠢ︾ ᠶᠢᠨ ᠪᠤᠳᠠᠳᠤ ᠶᠠᠪᠤᠳᠠᠯ ᠪᠠ ᠶᠤᠰᠤ ᠤᠴᠢᠷ ᠢ ᠰᠤᠷᠤᠯᠴᠠᠬᠤ ᠶᠢᠨ ᠬᠠᠮᠳᠤ᠂ ᠮᠡᠳᠡᠯᠭᠡ ᠶᠢᠨ ᠡᠷᠭᠡ ᠶᠢ ᠬᠠᠮᠠᠭᠠᠯᠠᠬᠤ ᠲᠤᠬᠠᠢ ᠬᠠᠤᠯᠢ ᠲᠦᠷᠢᠮ ᠢ ᠤᠬᠠᠭᠤᠯᠤᠨ ᠲᠠᠶᠢᠯᠪᠤᠷᠢᠯᠠᠪᠠ᠃     ᠠᠵᠢᠯᠯᠠᠭ᠎ᠠ ᠳᠤ ᠪᠠᠶᠠᠠᠬᠤᠸᠠ ᠪᠠᠯᠭᠠᠰᠤᠨ ᠤ ᠮᠠᠯᠴᠢᠨ ᠤᠷᠠᠨ ᠪᠦᠳᠦᠭᠡᠯᠴᠢ᠂ ᠨᠤᠮ ᠲᠠᠢ ᠡᠷᠦᠬᠡ᠂ ᠨᠤᠮ ᠤᠨ ᠪᠠᠭ᠋ᠠᠳᠠᠨ ᠨᠡᠶᠢᠳᠡ ᠲᠦᠴᠢ ᠭᠠᠷᠤᠢ ᠬᠦᠮᠦᠨ ᠤᠷᠤᠯᠴᠠᠨ ᠨᠤᠮ ᠲᠠᠨᠢᠯᠴᠠᠭᠤᠯᠬᠤ᠂ ᠨᠤᠮ ᠤᠨ ᠲᠡᠯᠭᠡᠨ ᠦᠵᠡᠭᠦᠯᠭᠡ᠂ ᠮᠡᠳᠡᠯᠭᠡ ᠶᠢᠨ ᠰᠡᠳᠦᠪ ᠤᠨ ᠤᠷᠤᠯᠳᠤᠭᠠᠨ ᠵᠡᠷᠭᠡ ᠪᠠᠶᠠᠯᠢᠭ ᠠᠭᠤᠯᠭ᠎ᠠ ᠪᠠᠷ ᠶᠠᠪᠤᠭᠳᠠᠨ᠂ ᠤᠷᠤᠯᠴᠠᠭᠴᠢᠳ ᠠᠴᠠ ᠲᠡᠤᠬᠡ ᠤᠷᠠᠨ ᠵᠤᠬᠢᠶᠠᠯ᠂ ᠨᠡᠶᠢᠭᠡᠮ ᠤᠯᠤᠰ ᠲᠦᠷᠦ᠂ ᠠᠮᠵᠢᠯᠳᠠ ᠶᠢᠨ ᠤᠬᠠᠭᠠᠨ᠂ ᠭᠡᠷ ᠪᠦᠯᠢ ᠶᠢᠨ ᠬᠦᠮᠦᠵᠢᠯ᠂ ᠦᠵᠦᠮᠦᠴᠢᠨ ᠨᠤᠳᠤᠭ ᠤᠨ ᠰᠤᠶᠤᠯ ᠲᠡᠤᠬᠡ ᠲᠠᠢ ᠬᠤᠯᠪᠤᠭᠳᠠᠭᠰᠠᠨ ᠨᠤᠮ ᠵᠤᠬᠢᠶᠠᠯ ᠲᠠᠨᠢᠯᠴᠠᠭᠤᠯᠵᠤ᠂ ᠦᠯᠢᠭᠡᠷ ᠦᠢᠯᠡ ᠶᠠᠪᠤᠳᠠᠯ ᠢ ᠨᠢ ᠶᠠᠷᠢᠬᠤ᠂ ᠰᠤᠩᠭᠤᠳᠠᠭ ᠬᠡᠯᠡᠯᠭᠡ ᠶᠢ ᠨᠢ ᠤᠩᠰᠢᠨ ᠰᠤᠨᠢᠷᠬᠠᠭᠤᠯᠬᠤ᠂ ᠨᠤᠮ ᠤᠩᠰᠢᠭᠰᠠᠨ ᠤᠶᠢᠯᠠᠭᠠᠯᠳᠠ ᠲᠦᠷᠦᠭᠳᠡᠯ ᠢᠶᠠᠨ ᠬᠤᠪᠢᠶᠠᠯᠴᠠᠬᠤ ᠵᠡᠷᠭᠡ ᠤᠯᠠᠨ ᠲᠠᠯ᠎ᠠ ᠶᠢᠨ ᠵᠤᠭᠰᠤᠴᠠ ᠠᠴᠠ ᠲᠠᠶᠢᠯᠪᠤᠷᠢᠯᠠᠨ ᠶᠠᠷᠢᠵᠦ᠂ ᠦᠨᠳᠦᠰᠦᠳᠡᠨ ᠤ ᠲᠡᠤᠬᠡ ᠰᠤᠶᠤᠯ᠂ ᠵᠠᠩ ᠦᠢᠯᠡ ᠲᠠᠢ ᠬᠤᠯᠪᠤᠭᠳᠠᠭᠰᠠᠨ ᠮᠡᠳᠡᠯᠭᠡ ᠶᠢᠨ ᠰᠡᠳᠦᠪ ᠢ ᠬᠠᠷᠢᠭᠤᠯᠤᠭᠰᠠᠨ ᠤ ᠬᠠᠮᠳᠤ᠂ ᠪᠠᠶᠠᠠᠬᠤᠸᠠ ᠪᠠᠯᠭᠠᠰᠤᠨ ᠤ ︽ᠬᠤᠰᠢᠭᠤ ᠲᠡᠰ ᠤᠨ ᠨᠤᠮ ᠲᠠᠢ ᠡᠷᠦᠬᠡ︾ ᠠᠴᠠ ᠨᠤᠮ ᠪᠢᠴᠢᠭ ᠤᠨ ᠬᠠᠳᠠᠭᠠᠯᠠᠮᠵᠢ ᠪᠠᠨ ᠲᠡᠯᠭᠡᠨ ᠦᠵᠡᠭᠦᠯᠵᠦ᠂ ᠨᠤᠮ ᠡᠷᠳᠡᠮ ᠢ ᠲᠡᠭᠡᠳᠦᠯᠡᠭᠰᠡᠨ ᠪᠠᠭ᠋ᠠᠷᠬᠠᠯᠳᠤ ᠠᠵᠢᠯᠯᠠᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号