ᠪᠠᠷᠠᠭᠤᠨ ᠦᠵᠦᠮᠦᠴᠢᠨ ᠬᠤᠰᠢᠭᠤ 2024 ᠣᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯ ᠵᠢᠴᠢ ᠡᠳ᠋ ᠤᠨ ᠵᠠᠰᠠᠭ᠂ ᠬᠢᠨᠠᠨ  ᠪᠣᠳᠣᠯᠲᠠ ᠶᠢᠨ ᠠᠵᠢᠯ ᠤᠨ ᠬᠤᠷᠠᠯ ᠬᠤᠷᠠᠯᠳᠤᠭᠤᠯᠪ᠊​‍ᠠ᠋
ᠨᠡᠶᠢᠲᠡᠯᠡᠭᠰᠡᠨ ᠴᠠᠭ᠄
2024/4/28
                                                                                                                            4 ᠰᠠᠷ᠎ᠠ ᠶᠢᠨ 26᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯ ᠵᠢᠴᠢ ᠡᠳ᠋ ᠤᠨ ᠵᠠᠰᠠᠭ᠂ ᠬᠢᠨᠠᠨ  ᠪᠣᠳᠣᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂  ᠬᠠᠮᠢᠶᠠᠲᠠᠢ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠠᠩᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠱᠠᠭᠠᠷᠳᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋  ᠬᠤᠰᠢᠭᠤ ᠳᠠᠷᠤᠭ᠎ᠠ ᠬᠠᠢ ᠱᠠᠨ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ ᠭᠤᠣᠯ ᠬᠠᠷᠢᠭᠤᠴᠠᠯᠭᠠᠲᠠᠨ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
          ᠬᠤᠷᠠᠯ ᠳᠤ  ᠂ ︽ᠪᠠᠷᠠᠭᠤᠨ ᠦᠵᠦᠮᠦᠴᠢᠨ ᠬᠤᠰᠢᠭᠤᠨ ᠤ  ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠎ ᠢ ᠲᠠᠶᠢᠯᠪᠤᠷᠢᠯᠠᠨ ᠪᠠᠶᠢᠷᠢᠯᠠᠭᠤᠯᠵᠤ  ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠲᠣᠰ ᠲᠣᠰ ᠤᠨ ᠠᠵᠢᠯ ᠤᠨ ᠬᠦᠷᠢᠶ᠎ᠡ ᠴᠠᠷ᠎ᠠ ᠳᠠᠬᠢ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ  ᠰᠠᠨᠠᠯ ᠰᠠᠨᠠᠭᠤᠯᠭ᠎ᠠ  ᠳᠤᠷᠠᠳᠪᠠ᠃
    ᠬᠤᠷᠠᠯ ᠠᠴᠠ ᠱᠠᠭᠠᠷᠳᠠᠭᠰᠠᠨ ᠨᠢ᠄ ᠣᠯᠠᠨ ᠨᠡᠶᠢᠲᠡ ᠶᠢᠨ ᠡᠬᠢ ᠪᠠᠶᠠᠯᠢᠭ ᠠᠷᠠᠯᠵᠢᠶᠠᠨ ᠤ ᠲᠠᠯ᠎ᠠ  ᠪᠠᠷ᠂ ᠡᠯ᠎ᠡ ᠰᠠᠯᠠᠭ᠎ᠠ ᠮᠥᠴᠢᠷ ᠨᠢᠭᠡᠴᠡ ᠨᠢ ᠲᠠᠨᠢᠯᠲᠠ ᠪᠠᠨ ᠭᠦᠨᠵᠡᠭᠡᠶᠢᠷᠡᠭᠦᠯᠵᠦ᠂ ᠳᠠᠭᠠᠭᠠᠴᠢᠯᠠᠯᠲᠠ ᠬᠦᠯᠢᠶᠡᠭᠴᠢ ᠶᠢᠨ ᠭᠡᠷ᠎ᠡ ᠪᠠᠨ ᠭᠦᠢᠴᠡᠳᠬᠡᠬᠦ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠬᠦᠯᠢᠶᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠵᠠᠰᠠᠭ ᠤᠨ ᠣᠷᠳᠣᠨ ᠠᠴᠠ ᠬᠤᠳᠠᠯᠳᠤᠨ ᠠᠪᠬᠤ  ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠢᠲᠡᠭᠡᠮᠵᠢ ᠦᠭᠡᠢ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠎ ᠢᠶᠠᠨ ᠴᠢᠩᠭᠠᠷᠠᠭᠤᠯᠵᠤ᠂ ᠢᠯᠡ᠂ ᠡᠷᠬᠡ ᠲᠡᠭᠰᠢ᠂ ᠲᠥᠪ ᠭᠤᠥᠯᠴᠢ᠂ ᠡᠷᠡᠭᠦᠯ ᠪᠥᠭᠡᠳ ᠡᠮᠬᠢ ᠵᠢᠷᠤᠮ ᠲᠠᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠣᠷᠴᠢᠨ ᠲᠣᠭᠤᠷᠢᠨ ᠢ ᠬᠠᠮᠲᠤᠪᠠᠷ ᠪᠣᠶ  ᠪᠤᠯᠭᠠᠬᠤ ᠬᠡᠷᠡᠭᠲᠡᠢ᠃ ᠡᠳ᠋ ᠤᠨ ᠵᠠᠰᠠᠭ ᠤᠨ ᠠᠵᠢᠯ ᠤᠨ ᠲᠠᠯ᠎ᠠ ᠪᠠᠷ᠂ ᠡᠯ᠎ᠡ ᠲᠥᠰᠥᠪ ᠤᠨ ᠨᠢᠭᠡᠴᠢ ᠨᠦᠭᠦᠳ ᠲᠥᠰᠥᠪ ᠢ ᠭᠦᠢᠴᠡᠳᠬᠡᠬᠦ ᠎ ᠶᠢ ᠴᠢᠩᠭᠠᠳᠬᠠᠵᠤ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠪᠠᠷ ᠡᠷᠡᠮᠡᠯᠵᠡᠵᠤ ᠂ ᠡᠳ᠋ ᠤᠨ ᠵᠠᠰᠠᠭ ᠤᠨ ᠬᠢᠨᠠᠨ ᠲᠣᠭᠲᠠᠭᠠᠯᠲᠠ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠬᠤᠯᠠᠴᠢᠯᠠᠵᠤ᠂ ᠥᠭᠴᠡᠭᠡᠨ ᠤ ᠬᠠᠮᠢᠶᠠᠷᠤᠯᠲᠠ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠠᠰᠢᠭ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ ᠬᠢᠨᠠᠨ ᠪᠤᠳᠤᠬᠤ ᠠᠵᠢᠯ ᠤᠨ ᠲᠠᠯ᠎ᠠ ᠪᠠᠷ ᠂ ᠬᠢᠨᠠᠨ ᠪᠤᠳᠤᠬᠤ ᠪᠠᠶᠢᠭᠤᠯᠤᠯᠭ᠎ᠠ ᠶᠢᠨ ᠬᠢᠨ ᠬᠢᠨᠠᠨ ᠪᠤᠳᠤᠬᠤ ᠠᠵᠢᠯ ᠤᠨ ᠤᠯᠤᠰ ᠲᠦᠷᠦ ᠶᠢᠨ ᠰᠢᠨᠵᠢ ᠴᠢᠨᠠᠷ ᠢ ᠣᠨᠣᠪᠴᠢᠲᠠᠢ ᠡᠵᠡᠮᠳᠡᠵᠦ᠂ ᠬᠢᠨᠠᠨ ᠪᠤᠳᠤᠬᠤ ᠠᠵᠢᠯ ᠤᠨ ᠥᠷᠭᠡᠴᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠬᠢᠨᠠᠨ ᠪᠤᠳᠤᠯᠲᠠ ᠶᠢᠨ ᠳᠠᠷᠠᠭ᠎ᠠ ᠠᠯᠬᠤᠮ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号