︽ᠤᠯᠠᠭᠠᠨ ᠪᠤᠭᠴᠤ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡ ᠨᠢ ᠨᠠᠮ ᠤᠨ ᠣᠨᠣᠯ ᠲᠥᠷᠦ ᠶᠢᠨ ᠪᠣᠳᠣᠯᠭ᠎ᠠ ᠶᠢ ᠮᠠᠯᠴᠢᠳ ᠤᠨ ᠳᠡᠷᠭᠡᠳᠡ ᠬᠦᠷᠭᠡᠯ᠎ᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 24᠎ ᠤ ᠡᠳᠦᠷ᠂ ᠰᠢᠯᠢ ᠶᠢᠨ ᠭᠤᠥᠯ ᠠᠶᠢᠮᠠᠭ ᠤᠨ ︽ᠤᠯᠠᠭᠠᠨ ᠪᠤᠭᠴᠤ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ ᠪᠠᠷᠠᠭᠤᠨ ᠦᠵᠦᠮᠦᠴᠢᠨ ᠬᠤᠰᠢᠭᠤᠨ ᠳᠤ ᠢᠷᠡᠵᠦ᠂ ︽ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠨ ᠳᠤᠮᠳᠠ ᠤᠷᠤᠰᠬᠠᠯ ᠳᠤ ᠣᠷᠣᠶ᠎ᠠ︾ ᠭᠡᠬᠦ ᠰᠡᠳᠦᠪ ᠢᠶᠠᠷ ᠦᠨᠳᠦᠰᠦᠨ ᠱᠠᠲᠤᠨ ᠤ ᠤᠬᠠᠭᠤᠯᠭ᠎ᠠ ᠶᠢ ᠦᠷᠨᠢᠭᠦᠯᠵᠦ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠤᠩᠬᠡᠢ ᠱᠦᠵᠢ ᠰᠢ ᠎ ᠶᠢᠨ ᠫᠢᠩ ᠤᠨ ᠥᠪᠥᠷ ᠮᠤᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠴᠢᠭᠯᠡᠯᠲᠡ ᠲᠥᠷᠦ ᠶᠢᠨ ᠪᠣᠳᠤᠯᠭ᠎ᠠ᠂ ᠰᠢᠨ᠎ᠡ ᠶᠢ ᠡᠭᠦᠳᠬᠦ ᠣᠨᠣᠯ ᠢ ᠲᠠᠯ᠎ᠠ ᠨᠤᠲᠤᠭ ᠤᠨ ᠬᠡᠪ ᠨᠠᠮᠪᠠ ᠲᠠᠢ ᠰᠢᠨ᠎ᠡ ᠰᠡᠪᠡᠭᠦᠨ ᠬᠡᠯᠪᠡᠷᠢ ᠪᠠᠷ ᠺᠠᠳ᠋ᠷ ᠠᠵᠢᠯᠲᠠᠨ᠂ ᠮᠠᠯᠴᠢᠨ ᠲᠦᠮᠡᠨ ᠳᠤ ᠲᠠᠶᠢᠯᠪᠤᠷᠢᠯᠠᠨ ᠣᠶᠢᠯᠠᠭᠠᠭᠤᠯᠤᠭᠰᠠᠨ ᠪᠠᠶᠢᠨ᠎ᠠ᠃      ᠺᠠᠲᠠᠷ ᠠᠵᠢᠯᠲᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠳᠤ᠂ ᠲᠠᠶᠢᠯᠪᠤᠷᠢᠯᠠᠭᠴᠢ ᠪᠠᠭᠰᠢ ᠨᠠᠷ ᠠᠴᠠ ︽ᠣᠨᠣᠯ + ᠦᠯᠢᠭᠡᠷ︾᠂ ︽ᠣᠨᠣᠯ + ᠬᠡᠷᠡᠭ ᠤᠨ ᠵᠢᠱᠢᠶ᠎ᠡ︾ ᠵᠡᠷᠭᠡ ᠠᠷᠭ᠎ᠠ ᠬᠡᠯᠪᠡᠷᠢ ᠪᠠᠷ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠲᠥᠷᠦ ᠶᠢᠨ ᠪᠣᠳᠤᠯᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠦ ᠶᠢᠨ ᠪᠣᠳᠤᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠣᠳᠣᠷᠬᠠᠢ ᠲᠠᠶᠢᠯᠤᠮᠵᠢ ᠬᠢᠪᠡ᠃ ᠠᠬᠤᠢ ᠲᠠᠯᠠᠪᠣᠷ ᠤᠨ ᠪᠣᠯᠪᠠᠰᠤᠷᠠᠯ ᠳᠤ ᠣᠷᠣᠯᠴᠠᠭᠰᠠᠨ ᠺᠠᠳ᠋ᠷ ᠣᠯᠠᠨ ᠲᠦᠮᠡᠨ ᠲᠠᠶᠢᠯᠤᠮᠵᠢ ᠶᠢ ᠠᠩᠬᠠᠷᠤᠨ ᠰᠣᠨᠣᠰᠬᠤ ᠶᠢᠨ ᠳᠠᠭᠠᠤ ᠲᠡᠮᠳᠡᠭᠯᠡᠯ ᠬᠢᠵᠦ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠠᠴᠠ ᠣᠯᠠᠨ ᠵᠦᠢᠯ ᠢ ᠣᠶᠢᠯᠠᠭᠠᠵᠤ ᠮᠡᠳᠡᠯ᠎ᠡ ᠭᠡᠵᠦ ᠢᠯᠡᠷᠬᠡᠶᠢᠯᠡᠪᠡ᠃     ᠤᠯᠠᠭᠠᠨᠬᠠᠭᠠᠯᠭ᠎ᠠ ᠰᠣᠮᠣᠨ ᠤ ᠨᠡᠭᠦᠳᠡᠯ ᠡᠶᠡᠳᠡᠭᠦᠯᠦᠭᠡ ᠶᠢᠨ ᠮᠣᠩᠭᠤᠯ ᠭᠡᠷ ᠲᠤ᠂ ︽ᠰᠤᠷᠤᠯᠴᠠᠯᠭ᠎ᠠ ᠶᠢ ᠳᠡᠷᠭᠡᠳᠡ ᠨᠢ ᠬᠦᠷᠭᠡᠬᠦ︾ ᠠᠷᠭ᠎ᠠ ᠬᠡᠯᠪᠡᠷᠢ ᠪᠠᠷ᠂ ︽ᠤᠯᠠᠭᠠᠨ ᠪᠤᠭᠴᠤ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠤᠶᠢᠯᠡᠴᠢᠯᠡᠭᠡ ᠶᠢᠨ ᠠᠩᠭᠢ ᠶᠢᠨ ᠭᠡᠰᠢᠭᠦᠳ ᠨᠢ ᠶᠡᠷᠤᠩᠬᠡᠢ ᠱᠦᠵᠢ ᠰᠢ ᠶᠢᠨ ᠫᠢᠩ ᠤᠨ ᠥᠪᠥᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠶᠢᠯᠪᠤᠷᠢᠯᠠᠨ᠂ ᠪᠠᠰᠠ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠮᠡᠳᠡᠯᠭᠡ ᠮᠡᠳᠡᠴᠡ ᠶᠢ ᠤᠬᠠᠭᠤᠯᠵᠤ᠂ ᠥᠷᠭᠡᠨ ᠣᠯᠠᠨ ᠮᠠᠯᠴᠢᠨ ᠲᠥᠮᠡᠨ ᠳᠤ ᠦᠵᠡᠯ ᠰᠠᠨᠠᠭᠠᠨ ᠤ ᠵᠢᠯᠤᠳᠤᠭᠤᠯᠭ᠎ᠠ ᠬᠠᠩᠭᠠᠨ᠂ ᠠᠮᠢᠳᠤᠷᠠᠯ ᠳᠤᠮᠳᠠ ᠣᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ︽ᠤᠯᠠᠭᠠᠨ  ᠪᠤᠭᠴᠤ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠤᠶᠢᠯᠡᠴᠢᠯᠡᠭᠡ ᠶᠢ ᠲᠠᠯ᠎ᠠ ᠨᠤᠲᠤᠭ ᠤᠨ ᠭᠦᠨ ᠳᠤ ᠬᠦᠷᠭᠡᠭᠰᠡᠨ ᠪᠠᠶᠢᠨ᠎ᠠ᠃      ᠮᠠᠯᠴᠢᠨ  ᠮᠠ ᠢᠤᠢ ᠵᠢᠤᠸᠠᠨ᠄ ︽ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠨ ᠳᠤᠮᠳᠠ ᠤᠷᠤᠰᠬᠠᠯ ᠳᠤ  ᠣᠷᠣᠶ᠎ᠠ︾ ᠭᠡᠬᠦ ᠤᠬᠠᠯᠤᠨ ᠲᠠᠶᠢᠯᠪᠤᠷᠢᠯᠠᠯᠲᠠ ᠶᠢ ᠰᠣᠨᠣᠰᠤᠭᠠᠳ ᠮᠠᠰᠢ ᠣᠯᠣᠯᠲᠠ ᠲᠠᠢ ᠪᠠᠶᠢᠨ᠎ᠠ᠃ ᠮᠠᠯᠴᠢᠳ ᠤᠨ ᠲᠥᠯᠥᠭᠡᠯᠡᠭᠴᠢ ᠪᠣᠯᠣᠭᠰᠠᠨ ᠤ ᠬᠤᠪᠢ ᠳᠤ᠂ ᠪᠢᠳᠠ ᠬᠦᠴᠢᠷ ᠢ ᠰᠦᠷᠦᠨ ᠤᠷᠤᠭᠰᠢᠯᠠᠵᠤ᠂ ᠰᠤᠷᠤᠯᠴᠠᠯᠭ᠎ᠠ ᠪᠠᠨ ᠪᠠᠷᠢᠮᠲᠠᠯᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠨ᠂ ᠮᠠᠯ ᠠᠵᠤ ᠠᠬᠤᠢ ᠪᠠᠨ ᠯᠠᠪᠳᠠᠭᠤᠨ ᠪᠠᠲᠤᠲᠠᠢ ᠪᠠᠷ ᠰᠠᠶᠢᠲᠤᠷ ᠡᠷᠬᠢᠯᠡᠬᠦ ᠬᠡᠷᠡᠭᠲᠡᠢ᠃ ᠣᠳᠤ ᠤᠯᠤᠰ ᠤᠨ ᠲᠥᠷᠦ ᠶᠢᠨ ᠪᠣᠳᠤᠯᠭ᠎ᠠ ᠤᠯᠠᠮ ᠰᠠᠶᠢᠨ ᠪᠣᠯᠵᠤ᠂ ᠪᠢᠳᠡ ᠨᠡᠩ ᠡᠷᠴᠢ ᠬᠦᠴᠦᠨ ᠲᠠᠢ ᠪᠣᠯᠵᠠᠢ᠃ ᠰᠠᠶᠢᠨ ᠰᠠᠶᠢᠬᠠᠨ ᠪᠠᠶᠠᠨ ᠴᠢᠨᠡᠭᠡᠯᠢᠭ ᠠᠮᠢᠳᠤᠷᠠᠯ ᠢᠶᠠᠨ ᠴᠤᠭᠴᠠᠯᠠᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︾ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号