︽ᠨᠢᠩᠵᠢᠨ ᠬᠠᠶᠢᠷ᠎ᠠ ︾᠎ ᠶᠢᠨ ᠮᠠᠭᠳᠠᠭᠤᠰᠢᠳᠠᠢ ᠠᠵᠢᠯᠯᠠᠭ᠎ᠠ
ᠨᠡᠶᠢᠲᠡᠯᠡᠭᠰᠡᠨ ᠴᠠᠭ᠄
2024/4/28
                    ︽ ᠨᠢᠩᠵᠢᠨ ᠬᠠᠶᠢᠷ᠎ᠠ︾  ᠨᠡᠶᠢᠭᠡᠮᠯᠢᠭ  ᠎ ᠤᠨ ᠪᠠᠷᠠᠭᠤᠨ ᠥᠵᠥᠮᠥᠴᠢᠨ ᠬᠤᠰᠢᠭᠤᠨ ᠤ ᠤᠯᠠᠭᠠᠨ ᠬᠠᠭᠠᠯᠭ᠎ᠠ ᠰᠤᠮᠤᠨ ᠤ ᠡᠷᠬᠡᠳᠤ ᠤᠪᠤᠭ᠎ᠠ ᠭᠠᠴᠠᠭᠠᠨ ᠤ ᠰᠠᠶᠢᠨ ᠲᠤᠷᠠᠴᠤᠤᠯ ᠤᠨ ᠪᠥᠯᠬᠦᠮ ᠨᠢ 2022 ᠤᠨ ᠤ 5 ᠰᠠᠷ᠎ᠠ ᠳᠤ ᠪᠠᠶᠢᠭᠤᠯᠤᠭᠳᠠᠵᠦ ᠤᠳᠤ ᠪᠤᠯᠬᠤ ᠳᠤ 52  ᠬᠡᠰᠢᠭᠦᠨ ᠲᠠᠢ  ᠪᠤᠯᠤᠨ ᠥᠷᠭᠡᠵᠢᠵᠦ ᠬᠤᠶᠠᠷ ᠵᠢᠯ ᠤᠨ ᠲᠤᠷᠰᠢ  ᠵᠠᠮ ᠮᠥᠷ ᠲᠠᠭᠠᠤ ᠬᠤᠭ ᠨᠤᠪᠰᠢ ᠶᠢ ᠴᠡᠪᠡᠷᠯᠡᠬᠦ ᠨᠠᠶᠢᠷ ᠨᠠᠭᠠᠳᠤᠮ ᠤᠨ ᠲᠠᠯᠠᠪᠠᠢ ᠶᠢᠨ ᠬᠠᠶᠠᠭᠳᠠᠮᠠᠯ ᠢ ᠲᠡᠭᠦᠬᠦ᠂ ᠬᠥᠳᠡᠯᠮᠥᠷᠢ ᠬᠥᠴᠥ ᠬᠥᠷᠥᠯᠴᠡᠬᠦ ᠦᠭᠡᠢ ᠠᠶᠢᠯ ᠳᠤ ᠬᠥᠷᠵᠡᠩ ᠭᠠᠷᠭᠠᠬᠤ ᠬᠤᠳᠠ ᠬᠤᠷᠤᠭ᠎ᠠ ᠶᠢ ᠨᠢ ᠴᠡᠪᠡᠷᠯᠡᠬᠦ ᠬᠤᠷᠠᠭ᠎ᠠ ᠬᠠᠶᠢᠴᠢᠯᠠᠵᠦ ᠬᠤᠨᠢ ᠠᠬᠤᠷᠯᠠᠬᠤ ᠁ ᠵᠡᠷᠭᠡ ᠤᠯᠠᠨ ᠤᠯᠠᠨ ᠰᠠᠶᠢᠨ ᠲᠤᠷ᠎ᠠ ᠶᠢᠨ ᠠᠵᠢᠯ ᠬᠢᠵᠦ ᠮᠠᠯᠴᠢᠨ ᠲᠥᠮᠡᠨ ᠤ ᠬᠥᠷᠢᠶᠡᠯᠡᠯ ᠢ ᠤᠯᠤᠭᠰᠠᠨ ᠰᠠᠶᠢᠨ  ᠲᠤᠷᠠᠴᠤᠤᠯ ᠤᠨ  ᠪᠥᠯᠬᠦᠮ ᠪᠤᠯᠤᠨ᠎ᠠ᠃     ᠤᠷᠴᠢᠮᠬᠠᠨ ᠲᠤᠰ  ᠰᠠᠶᠢᠨ ᠲᠤᠷᠠᠴᠤᠤᠯ ᠤᠨ ᠪᠥᠯᠬᠦᠮ ᠤᠨ ᠬᠢᠨ ᠬᠡᠰᠡᠭ ᠰᠠᠶᠢᠨ ᠲᠤᠷᠠᠴᠤᠳ ᠭᠠᠴᠠᠭᠠᠨ ᠤ ᠪᠠᠨ  ᠬᠥᠳᠡᠯᠮᠤᠷᠢ  ᠬᠥᠴᠤ ᠪᠠᠷ ᠠᠨᠠᠢ ᠮᠠᠯᠴᠢᠨ ᠰᠤᠶᠤᠯᠳᠤ ᠶᠢᠨ ᠳᠤ ᠬᠥᠷᠴᠥ 70ᠲᠡᠭᠰᠢ ᠲᠥᠷᠪᠡᠯᠵᠢᠨ ᠮᠧᠲᠷ ᠤᠨ ᠫᠧᠩ ᠤᠨ ᠬᠥᠷᠵᠡᠩ ᠢ ᠭᠠᠷᠭᠠᠵᠦ ᠬᠡᠷᠡᠮ ᠰᠠᠷᠠᠪᠴᠢ ᠶᠢ ᠨᠢ ᠴᠡᠪᠡᠷᠯᠡᠵᠦ ᠥᠭᠭᠦᠭᠰᠡᠨ ᠪᠥᠭᠡᠳ ᠡᠪᠤᠯ ᠤᠨ ᠴᠠᠰᠤ ᠰᠢᠭᠤᠷᠭᠠᠨ ᠤ ᠨᠥᠯᠥᠭᠡ ᠪᠠᠷ ᠵᠠᠮ ᠮᠥᠷ ᠪᠥᠭᠯᠡᠷᠡᠭᠰᠡᠨ ᠠᠴᠠ ᠪᠤᠯᠵᠦ ᠬᠡᠰᠡᠭ ᠮᠠᠯᠵᠢᠬᠤ ᠡᠷᠤᠬᠡ ᠶᠢᠨ ᠲᠤᠤᠷ ᠬᠥᠷᠢᠶ᠎ᠠ ᠶᠢ ᠲᠠᠷᠤᠵᠦ ᠲᠡᠷᠭᠡ ᠮᠠᠰᠢᠨ ᠶᠠᠪᠤᠵᠦ ᠪᠠᠶᠢᠭᠰᠠᠨ ᠬᠡᠰᠡᠭ ᠢ ᠵᠠᠰᠠᠨ ᠰᠡᠯᠪᠢᠵᠦ ᠠᠶᠢᠯ ᠠᠶᠢᠮᠠᠭ ᠤᠨ ᠬᠢᠨ ᠳᠤ ᠪᠠᠨ ᠲᠤᠰᠠ ᠲᠡᠮ ᠪᠤᠯᠤᠭᠰᠠᠨ ᠪᠠᠶᠢᠨ᠎ᠠ᠃     ︽ᠭᠠᠴᠢᠭᠳᠠᠭᠰᠠᠨ ᠲᠡᠪᠡᠳᠡᠭᠰᠡᠨ ᠨᠢᠭᠡ ᠶᠢ ᠪᠠᠨ ᠲᠡᠮᠵᠢᠨ ᠲᠤᠰᠠᠯᠠᠵᠦ ᠶᠠᠪᠤᠬᠤ ᠨᠢ ᠮᠠᠨ ᠤ ᠥᠨᠳᠤᠰᠤᠳᠡᠨ ᠤ ᠤᠯᠠᠮᠵᠢᠯᠠᠯᠳᠤ ᠰᠤᠷᠳᠡᠯ ᠶᠤᠮ᠂ ᠡᠶᠢᠨᠬᠦ ᠮᠡᠨ ᠤ ᠨᠡᠶᠢᠭᠡᠮᠯᠢᠭ ᠨᠢ ᠴᠤ ᠬᠥᠮᠥᠨ ᠠᠷᠠᠳ ᠲᠤ ᠪᠠᠨ ᠲᠤᠰᠠ ᠲᠡᠮ ᠪᠤᠯᠬᠤ ᠴᠢᠭᠯᠡᠯ ᠢᠶᠠᠷ ᠠᠵᠢᠯᠯᠠᠵᠦ ᠢᠷᠡᠭᠰᠡᠨ᠂ ᠬᠤᠶᠢᠰᠢᠳᠠ ᠮᠠᠯᠴᠢᠨ ᠲᠥᠮᠡᠨ ᠳᠤ ᠪᠠᠨ ᠥᠢᠯᠡᠴᠢᠯᠡᠬᠦ ᠰᠠᠶᠢᠨ ᠲᠤᠷ᠎ᠠ ᠶᠢᠨ ᠠᠵᠢᠯᠯᠠᠭ᠎ᠠ ᠪᠠᠨ ᠨᠡᠩ ᠴᠤ ᠲᠡᠭᠦᠯᠳᠡᠷᠵᠢᠭᠦᠯᠥᠨ ᠠᠵᠢᠯᠯᠠᠨ᠎ᠠ︾ ᠭᠡᠵᠤ  ︽ᠨᠢᠩᠵᠢᠨ ᠬᠠᠶᠢᠷ᠎ᠠ︾  ᠡᠷᠬᠡᠳᠤ ᠤᠪᠤᠭ᠎ᠠ ᠭᠠᠴᠠᠭᠠᠨ ᠤ ᠰᠠᠶᠢᠨ ᠲᠤᠷᠠᠴᠤᠤᠯ ᠤᠨ ᠪᠥᠯᠬᠦᠮ ᠤᠨ ᠬᠠᠷᠢᠭᠤᠴᠠᠯᠭᠠᠳᠠᠨ ᠳ᠋ᠠᠮᠪᠠ ᠢᠳᠡᠭᠡᠯ ᠲᠡᠭᠦᠯᠳᠡᠷ ᠶᠠᠷᠢᠵᠦ ᠪᠢᠯᠠ᠃                
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号