ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠪᠡᠶ᠎ᠡ ᠶᠢᠨ ᠲᠠᠮᠢᠷ ᠤᠨ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/4/28
    ᠪᠥᠬᠦ ᠬᠤᠰᠢᠭᠤᠨ ᠳᠤ ᠨᠡᠶᠢᠲᠡ 10 ᠰᠣᠶᠣᠯ ᠤᠨ ᠣᠷᠳᠣᠨ᠂ 2 ᠨᠣᠮ ᠤᠨ ᠰᠠᠩ᠂ 1 ᠮᠦᠽᠧᠢ᠂ 2 ᠲᠠᠮᠢᠷ ᠤᠨ ᠲᠠᠯᠠᠪᠠᠶ ᠲᠠᠢ᠂ ᠨᠡᠶᠢᠲᠡ ᠶᠢᠨ ᠨᠣᠮ ᠤᠨ ᠰᠠᠩ ᠤᠨ ᠬᠠᠳᠠᠭᠠᠯᠠᠮᠵᠢ 5.8 ᠲᠦᠮᠡᠨ ᠳᠡᠪᠲᠡᠷ ᠲᠤ ᠬᠦᠷᠴᠡᠢ᠃ ᠵᠢᠯ ᠤᠨ ᠡᠴᠦᠰ ᠤᠨ ᠪᠥᠬᠦ ᠬᠤᠰᠢᠭᠤᠨ ᠤ ᠷᠠᠳᠢᠣ᠋ ᠨᠡᠪᠲᠡᠷᠡᠭᠦᠯᠭᠡ ᠶᠢᠨ ᠫᠷᠣᠭ᠍ᠷᠠᠮ ᠤᠨ ᠶᠡᠷᠦᠩᠬᠡᠶᠢᠯᠡᠭᠰᠡᠨ ᠬᠥᠮᠥᠨ ᠠᠮᠠ ᠶᠢᠨ ᠪᠦᠷᠬᠦᠴᠡ ᠶᠢᠨ ᠨᠣᠷᠮ᠎ᠠ 97.0% ᠪᠣᠯᠣᠨ᠎ᠠ᠃ ᠵᠢᠯ ᠤᠨ ᠡᠴᠦᠰ ᠲᠤ ᠪᠥᠬᠦ ᠬᠤᠰᠢᠭᠤᠨ ᠤ ᠤᠲᠠᠰᠤᠲᠤ ᠲᠧᠯᠸᠢᠰ ᠤᠨ ᠬᠡᠷᠡᠭᠯᠡᠭᠴᠢ 1.2 ᠲᠦᠮᠡᠨ ᠡᠷᠦᠬᠡ ᠪᠣᠯᠪᠠ᠃     2023 ᠣᠨ ᠳᠤ ᠮᠠᠨ ᠤ ᠬᠤᠰᠢᠭᠤᠨ ᠤ ᠲᠠᠮᠢᠷᠴᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠳᠤ 6 ᠠᠯᠲᠠᠨ ᠮᠧᠳᠠᠯ᠂ 10 ᠮᠥᠩᠭᠦᠨ ᠮᠧᠳᠠᠯ᠂ 28 ᠭᠠᠤᠯᠢᠨ ᠮᠧᠳᠠᠯ ᠣᠯᠵᠠᠢ᠃     2023 ᠣᠨ ᠳᠤ ᠪᠦᠭᠦ ᠬᠤᠰᠢᠭᠤᠨ ᠳᠤ ᠨᠡᠶᠢᠲᠡ 128 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠢ ᠂ ᠡᠭᠦᠨ ᠳᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ 1᠂ ᠦᠨᠳᠦᠰᠦᠲᠡᠨ ᠤ ᠡᠮᠨᠡᠯᠭᠡ ᠶᠢᠨ ᠬᠤᠷᠢᠶ᠎ᠠ 1᠂ ᠡᠬᠡ ᠨᠢᠯᠬᠠᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ 1᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 1᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠲᠡᠭᠡ 4᠂ ᠡᠷᠡᠭᠦᠯ ᠬᠠᠮᠠᠭᠠᠯᠠᠯ ᠤᠨ ᠬᠤᠷᠢᠶ᠎ᠠ 12᠂ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ 66᠂ ᠠᠭᠤᠷᠬᠠᠢ ᠶᠢᠨ ᠣᠷᠣᠨ ᠤ ᠡᠮᠨᠡᠯᠭᠡ ᠶᠢᠨ ᠬᠤᠷᠢᠶ᠎ᠠ 1᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ 2᠂ ᠡᠮᠨᠡᠯᠭᠡ ᠶᠢᠨ ᠭᠠᠵᠠᠷ 38᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 1 ᠪᠤᠢ᠃    2023ᠣᠨ ᠳᠤ ᠪᠦᠭᠦ ᠬᠤᠰᠢᠭᠤᠨ ᠤ ᠡᠷᠡᠭᠦᠯ ᠬᠠᠮᠠᠭᠠᠯᠠᠯ ᠤᠨ ᠮᠡᠷᠭᠡᠵᠢᠯᠲᠡᠨ 664 ᠬᠥᠮᠥᠨ ᠪᠠᠶᠢᠵᠤ᠂ ᠡᠭᠦᠨ ᠳᠤ ᠠᠵᠢᠯ ᠡᠷᠭᠢᠯᠡᠭᠦ ᠡᠮᠴᠢ 293 ᠬᠥᠮᠥᠨ᠂ ᠠᠵᠢᠯ ᠡᠷᠭᠢᠯᠡᠭᠦ ᠲᠤᠰᠠᠯᠠᠭᠴᠢ ᠡᠮᠴᠢ 60 ᠬᠥᠮᠥᠨ᠂ ᠳᠠᠩᠰᠠᠯᠠᠭᠤᠯᠤᠭᠰᠠᠨ ᠰᠤᠪᠢᠯᠠᠭᠴᠢ 239 ᠬᠥᠮᠥᠨ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣᠨ ᠲᠤᠭ᠎ᠠ ᠳᠤ 467 ᠡᠪᠡᠳᠴᠢᠲᠡᠨ ᠤ ᠣᠷᠣ ᠪᠤᠢ᠃ ᠡᠭᠦᠨ ᠳᠤ ᠡᠮᠨᠡᠯᠭᠡ  ᠎ ᠶᠢᠨ ᠬᠤᠷᠢᠶ᠎ᠠ 399᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 68 ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号