ᠪᠠᠷᠠᠭᠤᠨ ᠦᠵᠦᠮᠦᠴᠢᠨ ᠬᠤᠰᠢᠭᠤ᠄ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠰᠢᠢᠳᠪᠦᠷᠢᠯᠡᠬᠦ ᠶᠢ  ᠴᠢᠩᠭᠠᠳᠬᠠᠵᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/4/28
    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠵᠠᠰᠠᠵᠤ᠂ ᠮᠠᠯ ᠤᠨ ᠬᠢᠵᠢᠭ ᠡᠪᠡᠳᠴᠢᠨ ᠡᠭᠦᠰᠬᠦ ᠲᠦᠭᠰᠢᠭᠦᠷᠢ ᠶᠢ ᠪᠠᠭᠠᠰᠬᠠᠨ᠂ ᠮᠠᠯᠵᠢᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ ᠂ ᠪᠠᠷᠠᠭᠤᠨ ᠦᠵᠦᠮᠦᠴᠢᠨ ᠬᠤᠰᠢᠭᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠰᠢᠢᠳᠪᠦᠷᠢᠯᠡᠬᠦ ᠪᠠ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
         ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ  ᠵᠢᠭᠦᠷᠲᠡᠨ ᠢ ᠬᠤᠣᠷᠳᠠᠯ ᠦᠭᠡᠢ ᠰᠢᠢᠳᠪᠦᠷᠢᠯᠡᠬᠦ ᠦᠢᠯᠡᠳᠪᠦᠷᠢ ᠨᠢ ᠪᠠᠷᠠᠭᠤᠨ ᠦᠵᠦᠮᠦᠴᠢᠨ ᠬᠤᠰᠢᠭᠤᠨ ᠤ ᠬᠠᠳᠠᠲᠤ ᠠᠵᠤ ᠦᠢᠯᠡᠳᠪᠦᠷᠢ ᠶᠢᠨ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 800 ᠭᠠᠷᠤᠢ ᠲᠦᠮᠡᠨ ᠲᠥᠭᠦᠷᠢᠭ  ᠂ ᠶᠡᠷᠦᠩᠬᠡᠢ ᠲᠠᠯᠠᠪᠠᠶ ᠨᠢ 5000 ᠲᠡᠭᠰᠢ ᠳᠥᠷᠪᠡᠯᠵᠢᠨ ᠮᠧᠲᠷ ᠪᠠᠶᠢᠵᠤ᠂ ᠦᠢᠯᠡᠳᠪᠦᠷᠢᠯᠡᠯ ᠤᠨ ᠮᠡᠷᠭᠡᠵᠢᠯ ᠨᠢ ᠬᠤᠣᠰ ᠦᠢᠯᠡᠳᠦᠯᠲᠦ ᠪᠠᠺᠲ᠋ᠧᠷᠢ ᠣᠰᠠᠳᠬᠠᠬᠤ ᠪᠠ ᠥᠭᠡᠬᠦ ᠲᠣᠰᠣ  ᠶᠢ ᠲᠤᠰᠠᠭᠠᠷ ᠰᠠᠯᠭᠠᠬᠤ ᠮᠡᠷᠭᠡᠵᠢᠯ ᠢ ᠬᠡᠷᠡᠭᠯᠡᠵᠦ᠂ ᠪᠣᠬᠢᠷ ᠤᠰᠤ᠂ ᠬᠠᠶᠠᠭᠳᠠᠮᠠᠯ ᠬᠡᠢ ᠵᠡᠷᠭᠡ ᠪᠣᠬᠢᠷ ᠪᠣᠳᠠᠰ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠢᠵᠠᠭᠠᠷᠯᠠᠵᠤ᠂ ᠠᠶᠤᠯ ᠦᠭᠡᠢ ᠭᠠᠳᠠᠭᠰᠢᠯᠠᠭᠤᠯᠬᠤ ᠪᠠᠷᠢᠮᠵᠢᠶ᠎ᠠ ᠳᠤ ᠬᠥᠷᠭᠡᠨ᠂  ᠰᠢᠢᠳᠪᠦᠷᠢᠯᠡᠭᠰᠡᠨ ᠤ ᠳᠠᠷᠠᠭᠠᠬᠢ ᠰᠢᠩᠭᠡᠨ ᠪᠡᠶᠡᠲᠦ ᠲᠣᠰᠣ ᠶᠢ ᠠᠵᠤ ᠦᠢᠯᠡᠳᠪᠦᠷᠢ ᠳᠤ ᠬᠡᠷᠡᠭᠯᠡᠬᠦ ᠲᠣᠰᠣ ᠪᠣᠯᠭᠠᠨ᠂ ᠬᠠᠲᠠᠭᠤ ᠪᠡᠶᠡᠲᠦ ᠪᠣᠳᠠᠰ ᠢ ᠪᠣᠬᠢᠷᠲᠤᠯ ᠦᠭᠡᠢ ᠣᠷᠭᠠᠨᠢᠭ ᠪᠣᠷᠳᠣᠭᠤᠷ ᠪᠣᠯᠭᠠᠨ ᠠᠰᠢᠭᠯᠠᠵᠤ᠂ ᠡᠭᠦᠨ ᠤ ᠤᠯᠠᠮ ᠠᠴᠠ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠪᠣᠬᠢᠷᠲᠤᠯ ᠦᠭᠡᠢ᠂ ᠡᠷᠡᠭᠦᠯ᠂ ᠠᠮᠢ ᠠᠬᠤᠶᠢᠴᠢ ᠬᠥᠭᠵᠢᠯᠲᠡ ᠶᠢ  ᠪᠠᠲᠤᠯᠠᠬᠤ ᠶᠢ ᠵᠣᠷᠢᠵᠠᠢ  ᠃
           ᠲᠣᠰ ᠦᠢᠯᠡᠳᠪᠦᠷᠢ ᠶᠢᠨ ᠬᠠᠮᠤᠭ ᠤᠨ ᠶᠡᠭᠡ ᠰᠢᠢᠳᠪᠦᠷᠢᠯᠡᠬᠦ  ᠴᠢᠳᠠᠮᠵᠢ ᠨᠢ ᠡᠳᠦᠷ ᠪᠦᠷᠢ 20 ᠲᠣᠨ ᠪᠠᠶᠢᠵᠤ᠂ 2023 ᠣᠨ ᠤ 9 ᠰᠠᠷ᠎ᠠ ᠳᠤ ᠪᠠᠶᠢᠭᠤᠯᠵᠤ ᠳᠠᠭᠤᠰᠬᠠᠭᠠᠳ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠠᠴᠠ ᠨᠠᠰᠢ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠨᠡᠶᠢᠲᠡ 200 ᠭᠠᠷᠣᠢ ᠲᠣᠨ ᠬᠤᠣᠷ ᠦᠭᠡᠢ ᠰᠢᠢᠳᠪᠦᠷᠢᠯᠡᠵᠦ᠂ ᠬᠢᠵᠢᠭ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠠᠰᠬᠠᠨ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠵᠤ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠪᠠ᠃ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ  ᠴᠡᠭ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ 7 ᠰᠤᠮᠤ ᠪᠠᠯᠭᠠᠰᠤᠨ ᠳᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠨᠢᠭᠡᠳᠦᠯᠲᠡᠢ ᠴᠤᠭᠯᠠᠭᠤᠯᠬᠤ᠂ ᠲᠥᠪᠯᠡᠷᠡᠭᠦᠯᠦᠨ ᠰᠢᠢᠳᠪᠦᠷᠢᠯᠡᠬᠦ ᠰᠢᠰᠲ᠋ᠧᠮᠵᠢ ᠶᠢ  ᠪᠠᠶᠢᠭᠤᠯᠬᠤ ᠪᠠᠷ ᠲᠥᠯᠦᠪᠯᠡᠵᠦ᠂ ᠣᠳᠣᠬᠠᠨ ᠳᠤ᠂ ᠨᠢᠭᠡᠨᠲᠡ 248 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠶᠠᠨᠬᠤᠸᠠ ᠪᠠᠯᠭᠠᠰᠤ᠂  ᠭᠤᠷᠤᠬᠠᠨ ᠪᠠᠯᠭᠠᠰᠤ᠂ ᠵᠢᠷ ᠤᠨ ᠭᠤᠣᠯ ᠪᠠᠯᠭᠠᠰᠤᠨ ᠳᠤ ᠲᠤᠰ ᠪᠦᠷᠢ ᠨᠢᠭᠡ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠷᠢᠶᠠᠨ ᠴᠤᠭᠯᠠᠭᠤᠯᠬᠤ  ᠴᠡᠭ ᠪᠠᠶᠢᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠦᠯᠡᠳᠡᠭᠡᠯ ᠦᠭᠡᠢ  ᠂ ᠴᠠᠭ ᠲᠤᠬᠠᠢ ᠳᠤᠨᠢ ᠰᠢᠢᠳᠪᠦᠷᠢᠯᠡᠵᠦ᠂ ᠠᠷᠢᠭᠤᠨ ᠴᠡᠪᠡᠷ ᠣᠷᠴᠢᠨ ᠲᠣᠭᠤᠷᠢᠨ ᠢ ᠬᠠᠮᠠᠭᠠᠯᠠᠬᠤ᠂ ᠵᠦᠢ ᠵᠣᠬᠢᠰᠲᠠᠢ ᠠᠰᠢᠭᠯᠠᠬᠤ ᠬᠠᠷᠠᠯᠲᠠ ᠳᠤ ᠭᠦᠷᠦᠭᠰᠡᠨ ᠪᠠᠶᠢᠨ᠎ᠠ᠃
     ᠪᠠᠷᠠᠭᠤᠨ ᠦᠵᠦᠮᠦᠴᠢᠨ ᠬᠤᠰᠢᠭᠤ ᠪᠣᠯ ᠮᠠᠯ ᠠᠵᠤ ᠠᠬᠤᠢ ᠶᠢᠨ ᠲᠣᠮᠣ ᠬᠤᠰᠢᠭᠤ ᠪᠣᠯᠣᠨ᠎ᠠ᠃ ᠡᠪᠡᠳᠴᠢᠨ ᠢᠶᠠᠷ ᠦᠬᠦᠭᠰᠡᠨ ᠮᠠᠯ ᠢ ᠬᠤᠣᠷᠳᠠᠯ ᠦᠭᠡᠢ ᠰᠢᠢᠳᠪᠦᠷᠢᠯᠡᠬᠦ ᠨᠢ ᠲᠤᠬᠠᠢ ᠶᠢᠨ ᠭᠠᠵᠠᠷ ᠤᠨ ᠢᠳᠡᠭᠡᠨ ᠤ ᠠᠮᠤᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠠᠴᠢ  ᠬᠤᠯᠪᠤᠭᠳᠠᠯ ᠲᠠᠢ  ᠃ ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷᠳᠠᠯ ᠦᠭᠡᠢ ᠰᠢᠢᠳᠪᠦᠷᠢᠯᠡᠬᠦ ᠦᠢᠯᠡᠳᠪᠦᠷᠢ ᠶᠢᠨ ᠬᠤᠣᠷᠳᠠᠯ ᠦᠭᠡᠢ ᠰᠢᠢᠳᠪᠦᠷᠢᠯᠡᠬᠦ ᠡᠷᠭᠢᠯᠲᠡ ᠶᠢᠨ ᠵᠠᠭᠪᠤᠷ ᠨᠢ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ  ᠬᠤᠣᠷᠳᠠᠯ ᠦᠭᠡᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠳᠥᠭᠦᠮ ᠳᠥᠲᠡ᠂ ᠪᠦᠷᠢᠨ ᠭᠦᠢᠴᠡᠳ  ᠦᠢᠯᠡᠴᠢᠯᠡᠭᠡᠨ ᠤ ᠰᠢᠰᠲ᠋ᠧᠮ ᠢ  ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠪᠠ ᠬᠤᠲᠠ ᠶᠢᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠥᠬᠦ ᠬᠤᠰᠢᠭᠤᠨ ᠤ ᠮᠠᠯ ᠠᠵᠤ ᠠᠬᠤᠢ  ᠪᠠ ᠠᠮᠢ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠤᠯᠤᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ  ᠵᠢᠭᠦᠷᠲᠡᠨ ᠢ ᠬᠤᠣᠷᠳᠠᠯ ᠦᠭᠡᠢ ᠰᠢᠢᠳᠪᠦᠷᠢᠯᠡᠬᠦ ᠦᠢᠯᠡᠳᠪᠦᠷᠢ  ᠶᠢᠨ ᠬᠠᠷᠢᠭᠤᠴᠠᠯᠭᠠᠲᠠᠨ ᡁᠢ ᠬᠤᠩ ᠸᠧᠢ᠄ ︽2023 ᠣᠨ ᠳᠤ  ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ ᠵᠠᠰᠠᠭ ᠤᠨ ᠣᠷᠳᠣᠨ ᠨᠢ ᠠᠷᠠᠯᠵᠢᠶᠠᠴᠢᠨ ᠣᠷᠢᠵᠤ ᠪᠡᠯᠡ ᠤᠷᠤᠭᠤᠯᠬᠤ ᠬᠡᠯᠪᠡᠷᠢ ᠪᠠᠷ ᠥᠪᠦᠷ ᠮᠣᠩᠭᠤᠯ ᠤᠨ ᠯᠢᠶᠠᠩ ᠢ ᠠᠮᠢᠳᠦ ᠪᠣᠳᠠᠰ ᠤᠨ  ᠲᠧᠭᠨᠢᠭ ᠮᠡᠷᠭᠡᠵᠢᠯ ᠤᠨ  ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠭᠡᠷ᠎ᠡ ᠲᠤᠭᠲᠠᠵᠤ᠂ ᠯᠢᠶᠠᠩ ᠢ ᠠᠮᠢᠳᠦ ᠪᠣᠳᠠᠰ ᠤᠨ  ᠲᠧᠭᠨᠢᠭ ᠮᠡᠷᠭᠡᠵᠢᠯ ᠪᠥᠯᠦᠭᠯᠡᠯ ᠢᠶᠠᠷ ᠮᠠᠯ  ᠵᠢᠭᠦᠷᠲᠡᠨ ᠢ ᠬᠤᠣᠷᠳᠠᠯ ᠦᠭᠡᠢ ᠰᠢᠢᠳᠪᠦᠷᠢᠯᠡᠬᠦ ᠦᠢᠯᠡᠳᠪᠦᠷᠢ ᠶᠢ ᠡᠵᠡᠩᠨᠡᠭᠦᠯᠵᠦ᠂ ᠠᠰᠢᠭᠯᠠᠯᠲᠠ ᠳᠤ ᠤᠷᠤᠭᠤᠯᠵᠠᠢ᠃ ᠤᠳᠤᠬᠠᠨ ᠳᠤ ᠮᠠᠨ ᠤ ᠦᠢᠯᠡᠳᠪᠦᠷᠢ ᠶᠢᠨ ᠡᠳᠦᠷ ᠪᠦᠷᠢ ᠶᠢᠨ ᠬᠠᠮᠤᠭ ᠤᠨ ᠶᠡᠭᠡ ᠰᠢᠢᠳᠪᠦᠷᠢᠯᠡᠬᠦ ᠴᠢᠳᠠᠮᠵᠢ ᠨᠢ 20 ᠲᠤᠨ ᠪᠠᠶᠢᠵᠤ᠂ ᠠᠵᠤ ᠠᠬᠤᠶᠢᠯᠠᠯ ᠤᠨ ᠰᠦᠪᠡᠭᠴᠢᠯᠡᠨ ᠪᠠᠶᠢᠭᠤᠯᠤᠭᠰᠠᠨ ︽ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠢᠢᠳᠪᠦᠷᠢᠯᠡᠬᠦ᠂ ᠣᠷᠭᠠᠨᠢᠭ ᠪᠣᠷᠳᠣᠭᠤᠷ ᠦᠢᠯᠡᠳᠪᠦᠷᠢᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠲᠡᠵᠢᠭᠡᠨ ᠦᠷᠡᠵᠢᠭᠦᠯᠬᠦ ᠳᠠᠭᠠᠳᠬᠠᠯ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ︾ ᠲᠠᠪᠤ ᠶᠢ ᠨᠢᠭᠡ ᠴᠣᠭᠴᠠᠵᠢᠭᠤᠯᠤᠭᠰᠠᠨ ᠠᠵᠢᠯ ᠤᠨ ᠵᠠᠭᠪᠤᠷ ᠨᠢ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠨᠡᠶᠢᠭᠡᠮᠴᠢᠯᠡᠭᠰᠡᠨ ᠦᠢᠯᠡᠴᠢᠯᠡᠭᠡ᠂ ᠡᠪᠡᠳᠴᠢᠨ ᠢᠶᠠᠷ ᠦᠬᠦᠭᠰᠡᠨ ᠮᠠᠯ  ᠵᠢᠭᠦᠷᠲᠡᠨ ᠢ  ᠬᠤᠣᠷ ᠦᠭᠡᠢ ᠰᠢᠢᠳᠪᠦᠷᠢᠯᠡᠬᠦ  ᠂ ᠬᠠᠶᠠᠭᠳᠠᠮᠠᠯ ᠡᠬᠢ ᠪᠠᠶᠠᠯᠢᠭ ᠢ ᠪᠣᠷᠳᠣᠭᠤᠷ ᠪᠣᠯᠭᠠᠬᠤ᠂ ᠠᠵᠤ ᠠᠬᠤᠶᠢᠯᠠᠯ ᠤᠨ ᠡᠵᠡᠩᠨᠡᠯᠲᠡ ᠶᠢ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ  ᠳᠤ ᠪᠠᠲᠤᠯᠠᠭ᠎ᠠ ᠬᠠᠩᠭᠠᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号