ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/4/28
     ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠰᠠᠯᠠᠭᠠᠨ ᠤ ᠳᠡᠰ ᠤᠨ ᠪᠠᠶᠢᠭᠤᠯᠭ᠎ᠠ  ᠶᠤᠮ᠃      ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠪᠠᠷ ᠬᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠡᠷᠬᠡ ᠪᠠᠨ ᠴᠢᠩᠭ᠎ᠠ ᠬᠡᠷᠡᠭᠵᠢᠭᠦᠯᠦᠨ᠂ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠤᠯᠤᠰ ᠤᠨ ᠨᠤᠲᠤᠭ ᠳᠡᠪᠢᠰᠬᠡᠷ ᠤᠨ ᠪᠣᠶ ᠪᠥᠬᠦᠶ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃      ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠵᠢᠴᠢ ᠬᠠᠮᠢᠶ᠎ᠠ ᠪᠦᠬᠦᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃      ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠭᠰᠡᠨ ᠦᠷ᠎ᠡ ᠪᠦᠲᠦᠭᠡᠯ ᠢ ᠬᠡᠷᠡᠭᠯᠡᠬᠦ ᠬᠠᠮᠢᠶ᠎ᠠ ᠪᠥᠬᠦᠶ ᠲᠦᠷᠢᠮ᠂ ᠪᠠᠷᠢᠮᠵᠢᠶ᠎ᠠ᠂ ᠵᠢᠷᠤᠮᠵᠢᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠷᠢᠨ ᠲᠡᠭᠦᠯᠳᠡᠷ ᠬᠤᠰᠢᠭᠤ       ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ᠃ ᠪᠠᠶᠢᠭᠠᠯᠢ ᠶᠢᠨ ᠡᠬᠢ ᠪᠠᠶᠠᠯᠢᠭ ᠪᠣᠯᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠳᠤ ᠪᠠᠨ ᠬᠦᠷᠲᠡᠬᠦ᠂ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠬᠠᠷᠢᠭᠤᠴᠠᠨ᠎ᠠ᠃       ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠣᠬᠢᠷᠠᠭᠤᠯᠬᠤ ᠲᠥᠯᠥᠪᠯᠡᠭᠡ ᠪᠠ ᠲᠥᠰᠦᠯ ᠢ ᠲᠤᠭᠤᠷᠪᠢᠨ ᠲᠣᠭᠲᠠᠭᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠵᠤ ᠪᠠᠯᠠ ᠭᠠᠷᠭᠠᠬᠤ ᠪᠠ ᠭᠠᠵᠠᠷ ᠰᠢᠷᠣᠶ ᠨᠥᠭᠡᠴᠡᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃       ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃     ︵ᠳᠤᠯᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠲᠡᠭᠰᠢᠯᠡᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠲᠦᠷᠦᠭᠦᠯᠡᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠠᠰᠢᠭᠯᠠᠨ ᠠᠮᠢ ᠠᠬᠤᠶ ᠶᠢᠨ ᠰᠡᠷᠭᠦᠭᠡᠯᠲᠡ ᠬᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号