ᠪᠠᠷᠠᠭᠤᠨ ᠦᠵᠦᠮᠦᠴᠢᠨ ᠬᠤᠰᠢᠭᠤᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠠᠷᠭ᠎ᠠ ᠠᠪᠴᠠᠯ
ᠨᠡᠶᠢᠲᠡᠯᠡᠭᠰᠡᠨ ᠴᠠᠭ᠄
2024/4/28
     ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶ ᠠᠬᠢᠭᠤᠯᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠲᠤᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠠᠪᠴᠠᠯ ᠢ ᠣᠨᠴᠠᠭᠠᠶᠢᠯᠠᠨ ᠲᠣᠭᠲᠠᠭᠠᠪᠠ᠃     ᠨᠢᠭᠡ᠂ ᠳᠡᠮᠵᠢᠨ ᠲᠡᠳᠬᠦᠬᠦ ᠡᠲᠡᠭᠡᠳ     ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ᠂ ᠮᠢᠬᠠᠨ ᠤ ᠬᠤᠨᠢ ᠮᠠᠯᠵᠢᠵᠤ ᠪᠠᠶᠢᠭ᠎ᠠ ᠮᠠᠯᠴᠢᠨ ᠡᠷᠦᠬᠡ᠂ ᠦᠷ᠎ᠡ ᠶᠢᠨ ᠮᠠᠯ ᠤᠨ ᠲᠠᠯᠠᠪᠠᠶ᠂ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠡᠷᠦᠬᠡ᠂ ᠲᠡᠵᠢᠭᠡᠨ ᠮᠠᠯᠵᠢᠬᠤ ᠠᠵᠤ ᠠᠬᠤᠶᠢᠯᠠᠯ᠂ ᠲᠤᠰᠬᠠᠶ ᠬᠤᠷᠰᠢᠶᠠᠵᠢᠯ᠂ ᠭᠠᠴᠠᠭᠠᠨ ᠤ ᠬᠠᠮᠲᠤ ᠶᠢᠨ ᠠᠵᠤ ᠠᠬᠤᠶᠢᠯᠠᠯ ᠵᠡᠷᠭᠡ ᠪᠣᠯᠤᠨ᠎ᠠ᠃     ᠬᠤᠶᠠᠷ᠂ ᠳᠡᠮᠵᠢᠨ ᠲᠡᠳᠬᠦᠬᠦ ᠠᠭᠤᠯᠭ᠎ᠠ     ︵ᠨᠢᠭᠡ︶ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠳᠡᠮᠵᠢᠨ ᠳᠡᠳᠬᠦᠨ᠎ᠡ᠃ ᠰᠢᠯᠢᠳᠡᠭ ᠡᠭᠦᠯᠳᠡᠷ ᠤᠨ ᠦᠬᠡᠷ ᠲᠤ ᠨᠦᠬᠦᠪᠦᠷᠢ ᠤᠯᠭᠤᠨ᠎ᠠ᠃ ᠪᠠᠶᠢᠭᠠᠯᠢᠯᠢᠭ ᠢᠶᠠᠷ ᠬᠡᠭᠡᠯᠲᠦᠭᠦᠯᠦᠨ ᠡᠭᠦᠯᠳᠡᠷ ᠰᠠᠶᠢᠵᠢᠷᠠᠭᠤᠯᠬᠤ ᠡᠷᠦᠬᠡ ᠬᠤᠰᠢᠭᠤᠨ ᠲᠣᠲᠤᠷᠠᠬᠢ ᠠᠶᠢᠮᠠᠭ ᠤᠨ ᠳᠡᠰ ᠤᠨ ᠦᠷ᠎ᠡ ᠶᠢᠨ ᠮᠠᠯ ᠤᠨ ᠲᠠᠯᠠᠪᠠᠢ᠂ ᠭᠤᠣᠯᠳᠠᠯᠭᠠᠲᠤ ᠰᠦᠷᠦᠭ ᠠᠴᠠ ᠤᠳᠤᠮ ᠤᠨ ᠲᠠᠩᠰᠠ ᠡᠪᠬᠡᠮᠡᠯ ᠪᠦᠷᠢᠨ ᠭᠦᠢᠴᠡᠳ 6 — 9 ᠰᠠᠷ᠎ᠠ ᠪᠣᠯᠵᠤ ᠪᠠᠶᠢᠭ᠎ᠠ ᠰᠢᠯᠢᠳᠡᠭ ᠡᠭᠦᠯᠳᠡᠷ ᠤᠨ ᠦᠬᠡᠷ ︵ᠲᠤᠭᠤᠯ︶ ᠬᠤᠳᠠᠯᠳᠤᠨ ᠠᠪᠤᠪᠠᠯ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨᠠᠨ ᠰᠢᠯᠭᠠᠯᠲᠠ ᠪᠠᠷ ᠬᠢᠷᠢ ᠲᠡᠩᠴᠡᠵᠦ ᠲᠠᠩᠰᠠᠯᠠᠭᠤᠯᠤᠭᠰᠠᠨ ᠤ ᠳᠠᠷᠠᠭ᠎ᠠ ᠬᠤᠳᠠᠯᠳᠤᠨ ᠠᠪᠤᠭᠰᠠᠨ ᠡᠲᠡᠭᠡᠳ ᠲᠤ  ᠦᠭᠡᠷ ᠪᠦᠷᠢ ᠳᠤ 3000 ᠲᠥᠭᠦᠷᠢᠭ ᠤᠨ ᠨᠥᠬᠦᠪᠥᠷᠢ ᠤᠯᠭᠤᠨ᠎ᠠ᠃     ︵ᠬᠤᠶᠠᠷ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠶᠢ ᠳᠡᠮᠵᠢᠨ ᠳᠡᠳᠬᠦᠨ᠎ᠡ᠃ ᠰᠤᠮᠤ ᠪᠠᠯᠭᠠᠰᠤ ᠪᠤᠯᠭᠠᠨ ᠳᠤ 1 ᠭᠠᠴᠠᠭ᠎ᠠ ᠶᠢ ᠰᠣᠩᠭᠤᠨ ᠲᠤᠷᠰᠢᠯᠲᠠ ᠶᠢᠨ ᠴᠡᠭ ᠪᠣᠯᠭᠠᠵᠤ᠂ ᠭᠠᠴᠠᠭ᠎ᠠ ᠪᠠᠷ ᠨᠢᠭᠡᠴᠢ ᠪᠣᠯᠭᠠᠨ ᠮᠢᠬᠠᠨ ᠤ ᠦᠬᠡᠷ ᠤᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠤᠨ᠎ᠠ᠃ ᠬᠡᠭᠡᠯᠲᠦᠭᠦᠯᠭᠡ ᠬᠢᠭᠰᠡᠨ ᠡᠬᠡ ᠮᠠᠯ ᠤᠨ ᠲᠤᠭ᠎ᠠ ᠶᠢ 500 ᠲᠣᠯᠣᠭᠠᠶ ᠪᠤᠶᠤ ᠬᠡᠭᠡᠯᠲᠦᠭᠦᠯᠭᠡ ᠬᠢᠭᠰᠡᠨ ᠦᠨᠢᠶᠡᠨ ᠤ ᠬᠠᠷᠢᠴᠠᠯ ᠨᠢ ᠪᠦᠬᠦ ᠡᠬᠡ ᠮᠠᠯ ᠤᠨ 30% ᠠᠴᠠ ᠳᠡᠭᠡᠭᠰᠢ ᠪᠠᠶᠢᠯᠭᠠᠬᠤ ︵ᠬᠡᠭᠡᠯ ᠲᠤᠭᠳᠠᠭᠰᠠᠨ ᠨᠣᠷᠮ᠎ᠠ ᠨᠢ 85% ᠠᠴᠠ ᠳᠡᠭᠡᠭᠰᠢ︶ ᠮᠦᠷᠲᠡᠭᠡᠨ ᠬᠡᠭᠡᠯᠲᠦᠭᠦᠯᠭᠡ ᠬᠢᠭᠰᠡᠨ ᠡᠬᠡ ᠮᠠᠯ ᠤᠨ ᠲᠤᠭ᠎ᠠ ᠲᠣᠯᠣᠭᠠᠶ ᠳᠡᠭᠡᠷ᠎ᠡ ᠵᠢᠯ ᠤᠨ ᠬᠢ ᠠᠴᠠ 10% ᠠᠴᠠ ᠳᠡᠭᠡᠭᠰᠢ ᠪᠠᠶᠢᠯᠭᠠᠭᠰᠠᠨ ᠭᠠᠴᠠᠭᠠᠨ ᠳᠤ 3 ᠲᠦᠮᠡᠨ ᠲᠥᠭᠦᠷᠢᠭ ︵ᠠᠶᠢᠮᠠᠭ᠂ ᠬᠤᠰᠢᠭᠤ ᠬᠤᠶᠠᠷ ᠱᠠᠲᠤᠨ ᠤ ᠨᠡᠶᠢᠲᠡ 8 ᠲᠦᠮᠡᠨ ᠲᠥᠭᠦᠷᠢᠭ︶ ᠢ ᠢᠵᠢ ᠪᠦᠷᠢᠳᠦᠭᠦᠯᠦᠨ ᠱᠠᠩᠨᠠᠵᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ  ᠥᠷᠲᠡᠭᠡ ᠵᠢᠴᠢ ᠬᠡᠭᠡᠯᠲᠦᠬᠦᠯᠭᠡ ᠶᠢᠨ ᠦᠢᠯᠡᠴᠢᠯᠡᠭᠡᠨ ᠤ ᠠᠵᠢᠯ ᠢ ᠲᠡᠭᠦᠯᠳᠠᠷᠵᠢᠭᠦᠯᠦᠨ᠎ᠡ᠃ ᠡᠭᠦᠨ ᠤ ᠬᠠᠮᠲᠤ ᠮᠠᠯᠴᠢᠨ ᠡᠷᠦᠬᠡ ᠳᠤ ᠬᠡᠭᠡᠯᠲᠦᠭᠦᠯᠭᠡ ᠬᠢᠭᠰᠡᠨ ᠦᠨᠢᠶ᠎ᠡ ᠪᠦᠷᠢ ᠳᠤ 100 ᠲᠥᠭᠦᠷᠢᠭ ᠤᠨ ᠠᠷᠠᠴᠢᠯᠠᠭ᠎ᠠ ᠮᠠᠯᠵᠢᠯᠭ᠎ᠠ ᠶᠢᠨ ᠨᠥᠬᠦᠪᠥᠷᠢ ᠣᠯᠭᠤᠨ᠎ᠠ᠃      ︵ᠭᠤᠷᠪᠠ︶ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ ᠳᠡᠮᠵᠢᠨ ᠳᠡᠳᠬᠦᠨ᠎ᠡ᠃ 200 — 500 ᠦᠬᠡᠷ ᠮᠠᠯᠵᠢᠬᠤ ᠬᠡᠪᠴᠢᠶ᠎ᠡ ᠲᠠᠢ ᠲᠡᠵᠢᠭᠡᠨ ᠮᠠᠯᠵᠢᠬᠤ ᠲᠠᠯᠠᠪᠠᠢ 15 ᠠᠴᠠ ᠳᠡᠭᠡᠭᠰᠢ ᠪᠠᠶᠢᠭᠤᠯᠤᠨ᠎ᠠ ︵ᠭᠠᠴᠠᠭᠠᠨ ᠤ ᠬᠠᠮᠲᠤ ᠶᠢᠨ ᠠᠵᠤ ᠠᠬᠤᠶᠢᠯᠠᠯ᠂ ᠲᠡᠵᠢᠭᠡᠨ ᠮᠠᠯᠵᠢᠬᠤ ᠠᠵᠤ ᠠᠬᠤᠶᠢᠯᠠᠯ᠂  ᠬᠤᠷᠰᠢᠶᠠᠵᠢᠯ︶ ᠃ ᠲᠡᠵᠢᠭᠡᠨ ᠮᠠᠯᠵᠢᠬᠤ ᠲᠠᠯᠠᠪᠠᠢ ᠨᠢ ᠮᠠᠯᠴᠢᠨ ᠡᠷᠦᠬᠡ ᠶᠢᠨ ᠲᠤᠭᠤᠯ ᠢ ᠳᠠᠭᠠᠭᠠᠴᠢᠯᠠᠨ ᠮᠠᠯᠵᠢᠬᠤ ᠪᠤᠶᠤ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠡᠬᠢᠨ ᠤ ᠬᠤᠭᠤᠴᠠᠭᠠᠨ ᠤ ᠪᠣᠷᠳᠤᠨ ᠲᠠᠷᠭᠤᠯᠠᠭᠤᠯᠬᠤ ᠠᠵᠢᠯ ᠢ ᠬᠢᠵᠦ᠂ ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ ᠤᠨ ᠬᠡᠪᠴᠢᠶᠡᠵᠢᠭᠦᠯᠦᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠤᠨ ᠬᠤᠳᠠᠯᠳᠤᠨ ᠠᠪᠬᠤ  ᠪᠠᠷᠢᠮᠵᠢᠶᠠᠨ ᠳᠤ ᠬᠦᠷᠦᠭᠰᠡᠨ ᠮᠥᠷᠲᠡᠭᠡᠨ ᠬᠦᠷᠭᠡᠵᠦ ᠥᠭᠭᠦᠭᠰᠡᠨ ᠪᠣᠯ ᠦᠬᠡᠷ ᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠤᠯᠭᠤᠨ᠎ᠠ᠃     ︵ᠳᠥᠷᠪᠡ︶ ᠭᠠᠴᠠᠭᠠᠨ ᠤ ᠲᠠᠰ ᠤᠨ ᠮᠠᠯ ᠪᠡᠯᠴᠢᠭᠡᠷ ᠢ ᠨᠢᠭᠡ ᠴᠣᠠᠠᠴᠠᠵᠢᠭᠤᠯᠥᠠᠠᠰᠠᠨ ᠲᠡᠵᠢᠭᠡᠨ ᠮᠠᠯᠵᠢᠬᠤ ᠲᠠᠯᠠᠪᠠᠢ ᠶᠢ ᠳᠡᠮᠵᠢᠨ ᠳᠡᠳᠬᠦᠨ᠎ᠡ᠃ ᠭᠠᠴᠠᠭᠠᠨ ᠤ ᠬᠠᠮᠲᠤ ᠶᠢᠨ ᠠᠵᠤ ᠠᠬᠤᠶᠢᠯᠠᠯ ᠤᠨ ᠬᠠᠰᠢᠶᠠᠯᠠᠨ ᠮᠠᠯᠵᠢᠬᠤ ᠮᠢᠬᠠᠨ ᠤ ᠦᠬᠡᠷ 200 — 500 ᠠᠴᠠ ᠳᠡᠭᠡᠭᠰᠢ ᠪᠤᠶᠤ ᠬᠤᠷᠠᠭ᠎ᠠ 3000 ᠠᠴᠠ ᠳᠡᠭᠡᠭᠰᠢ ᠮᠥᠷᠲᠡᠭᠡᠨ ᠬᠤᠯᠢᠮᠠᠭ ᠲᠡᠵᠢᠭᠡᠯ ᠤᠨ ᠵᠢᠯ ᠤᠨ ᠭᠠᠷᠤᠯᠲᠠ ᠨᠢ 3 ᠲᠦᠮᠡᠨ ᠲᠣᠨ ᠬᠦᠷᠬᠦ ᠲᠡᠵᠢᠭᠡᠨ ᠮᠠᠯᠵᠢᠬᠤ ᠲᠠᠯᠠᠪᠠᠢ ᠳᠤ ︽ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂  ᠲᠤᠰᠬᠠᠢ ᠶᠠᠪᠤᠳᠠᠯ ᠢ ᠲᠤᠰᠬᠠᠢ ᠵᠥᠪᠯᠡᠬᠦ︾ ᠠᠷᠭ᠎ᠠ ᠬᠡᠯᠪᠡᠷᠢ ᠪᠠᠷ ᠳᠡᠮᠵᠢᠯᠭᠡ ᠦᠵᠡᠭᠦᠯᠦᠨ᠎ᠡ᠃     ︵ᠲᠠᠪᠤ︶ ᠵᠢᠱᠢᠶ᠎ᠡ ᠦᠵᠡᠭᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠳᠡᠮᠵᠢᠨ ᠳᠡᠳᠬᠦᠨ᠎ᠡ᠃ ᠬᠡᠷ ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠬᠤ ᠶᠢ ᠵᠣᠷᠢᠭᠵᠢᠭᠤᠯᠵᠤ᠂ ᠬᠡᠪᠴᠢᠶᠡᠵᠢᠭᠦᠯᠦᠨ ᠲᠡᠵᠢᠭᠡᠨ ᠮᠠᠯᠵᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠡᠷᠴᠢᠮᠵᠢᠭᠦᠯᠦᠨ ᠡᠵᠡᠩᠨᠡᠬᠦ ᠶᠢ ᠬᠡᠷᠡᠭᠵᠢᠭᠦᠯᠦᠨ᠂ ︽ᠪᠡᠯᠴᠢᠭᠡᠷᠯᠡᠭᠦᠯᠦᠨ ᠮᠠᠯᠵᠢᠬᠤ + ᠬᠠᠰᠢᠶᠠᠯᠠᠨ ᠮᠠᠯᠵᠢᠬᠤ︾ ᠬᠡᠯᠪᠡᠷᠢ ᠶᠢᠨ ᠮᠢᠬᠠᠨ ᠤ ᠦᠬᠡᠷ ᠤᠨ ᠬᠡᠷ ᠪᠦᠯᠢ ᠶᠢᠨ ᠮᠠᠯᠵᠢᠯ ᠤᠨ ᠲᠠᠯᠠᠪᠠᠶ᠂ ︽ᠪᠡᠯᠴᠢᠭᠡᠷᠯᠡᠭᠦᠯᠦᠨ ᠮᠠᠯᠵᠢᠬᠤ + ᠲᠡᠵᠢᠭᠡᠯ ᠨᠥᠬᠦᠪᠥᠷᠢᠯᠡᠬᠦ︾ ᠬᠡᠯᠪᠡᠷᠢ ᠶᠢᠨ ᠦᠵᠦᠮᠦᠴᠢᠨ ᠬᠤᠨᠢᠨ ᠤ ᠬᠡᠷ ᠪᠦᠯᠢ ᠶᠢᠨ ᠮᠠᠯᠵᠢᠯ ᠤᠨ ᠲᠠᠯᠠᠪᠠᠶ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠡᠯᠪᠡᠷᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠬᠡᠯᠪᠡᠷᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ ᠳᠥᠷᠪᠡᠨ ᠲᠥᠷᠥᠯ ᠤᠨ ᠬᠡᠷ ᠪᠦᠯᠢ ᠶᠢᠨ ᠮᠠᠯᠵᠢᠯ ᠤᠨ ᠲᠠᠯᠠᠪᠠᠶ ᠨᠡᠶᠢᠲᠡ 500 ᠶᠢ ᠪᠠᠶᠢᠭᠤᠯᠤᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠵᠢᠴᠢ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠬᠤ ᠪᠠᠷ ᠨᠥᠬᠦᠴᠡᠯ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠰᠠᠨ ᠤ ᠳᠠᠷᠠᠭ᠎ᠠ᠂ ᠬᠡᠷ ᠪᠦᠯᠢ ᠶᠢᠨ ᠮᠠᠯᠵᠢᠯ ᠤᠨ ᠲᠠᠯᠠᠪᠠᠶ ᠪᠦᠷᠢ ᠳᠤ 1 ᠲᠦᠮᠡᠨ ᠲᠥᠭᠦᠷᠢᠭ ᠱᠠᠩᠨᠠᠵᠤ᠂ ᠰᠠᠭᠤᠷᠢ ᠲᠦᠭᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ ᠵᠢᠴᠢ ᠲᠡᠵᠢᠭᠡᠨ ᠮᠠᠯᠵᠢᠬᠤ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠬᠡᠷᠡᠭᠯᠡᠨ᠎ᠡ᠃     ︵ᠵᠢᠷᠭᠤᠭ᠎ᠠ︶ ᠬᠤᠷᠠᠭᠠᠨ ᠤ ᠡᠷᠲᠡ ᠶᠢᠨ ᠭᠠᠷᠭᠠᠯᠲᠠ ᠶᠢ ᠳᠡᠮᠵᠢᠨ ᠳᠡᠳᠬᠦᠨ᠎ᠡ᠃ ᠨᠢᠭᠡ ᠳᠤ ᠠᠮᠢᠳᠤ ᠮᠠᠯ ᠤᠨ ᠭᠠᠷᠭᠠᠯᠲᠠ ᠶᠢ ᠲᠦᠷᠭᠡᠳᠬᠡᠨ᠎ᠡ᠃ 6 ᠰᠠᠷ᠎ᠠ ᠶᠢᠨ 30 ᠠᠴᠠ ᠡᠮᠦᠨ᠎ᠡ ᠠᠮᠢᠳᠤ ᠮᠠᠯ ᠤᠨ ᠠᠷᠠᠯᠵᠢᠶᠠᠨ ᠤ ᠬᠡᠯᠪᠡᠷᠢ ᠪᠠᠷ ᠬᠤᠰᠢᠭᠤᠨ ᠠᠴᠠ ᠭᠠᠳᠠᠨᠠᠬᠢ ᠠᠵᠤ ᠠᠬᠤᠶᠢᠯᠠᠯ ᠪᠣᠶᠣ ᠠᠵᠤ ᠠᠬᠤᠶᠢᠯᠠᠯᠲᠠᠨ ᠳᠤ ᠬᠤᠷᠠᠭ᠎ᠠ ᠪᠠᠨ ᠬᠤᠳᠠᠯᠳᠤᠪᠠᠯ 50 ᠲᠥᠭᠦᠷᠢᠭ /ᠬᠤᠷᠠᠭ᠎ᠠ ᠶᠢᠨ ᠨᠥᠬᠦᠪᠥᠷᠢ ᠣᠯᠭᠤᠨ᠎ᠠ᠃ ᠬᠤᠶᠠᠷ ᠲᠤ ᠡᠳ᠋ᠰᠢᠭᠦᠯᠦᠨ ᠪᠣᠷᠤᠯᠠᠭᠤᠯᠬᠤ ᠶᠢ ᠲᠦᠷᠭᠡᠳᠬᠡᠨ᠎ᠡ᠃ 6 ᠰᠠᠷ᠎ᠠ ᠶᠢᠨ 16 ᠠᠴᠠ 7 ᠰᠠᠷ᠎ᠠ ᠶᠢᠨ 15 ᠪᠣᠯᠲᠠᠯ᠎ᠠ᠂ ᠬᠤᠷᠠᠭᠠᠨ ᠤ ᠬᠡᠩᠬᠦᠳᠡᠭ ᠤᠨ ᠵᠢᠩ ᠤᠨ ᠲᠤᠭ᠎ᠠ ᠨᠢ 10 ᠺᠢᠯᠣᠭ᠍ᠷᠠᠮ ᠠᠴᠠ ᠳᠡᠭᠡᠭᠰᠢ ᠪᠠᠶᠢᠪᠠᠯ ᠨᠥᠬᠦᠪᠥᠷᠢ ᠣᠯᠭᠤᠨ᠎ᠠ ︵ᠮᠠᠨ ᠤ ᠬᠤᠰᠢᠭᠤᠨ ᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠬᠦᠷᠭᠡᠭᠰᠡᠨ ᠪᠠᠶᠢᠬᠤ ᠬᠡᠷᠡᠭᠲᠡᠢ︶᠃ ᠪᠣᠳᠠᠲᠠᠶ ᠨᠥᠬᠦᠪᠥᠷᠢ ᠶᠢᠨ ᠪᠠᠷᠢᠮᠵᠢᠶ᠎ᠠ ᠨᠢ ᠳᠣᠤᠷᠠᠬᠢ ᠮᠡᠲᠦ᠄ ᠨᠢᠭᠡᠳᠦᠭᠡᠷ ᠱᠠᠲᠤ ᠦᠶ᠎ᠡ᠄ 6 ᠰᠠᠷ᠎ᠠ ᠶᠢᠨ 16 ᠠᠴᠠ 6 ᠰᠠᠷ᠎ᠠ ᠶᠢᠨ 30  ᠪᠣᠯᠲᠠᠯ᠎ᠠ ︵30 ᠪᠠᠭᠲᠠᠨ᠎ᠠ︶ ᠬᠤᠷᠠᠭᠠᠨ ᠤ ᠬᠡᠩᠬᠦᠳᠡᠭ ᠤᠨ ᠺᠢᠯᠣᠭ᠍ᠷᠠᠮ ᠪᠦᠷᠢ ᠳᠤ 10.5 ᠲᠥᠭᠦᠷᠢᠭ ᠤᠨ ᠨᠥᠬᠦᠪᠥᠷᠢ ᠣᠯᠭᠤᠨ᠎ᠠ᠂ ᠡᠭᠦᠨ ᠳᠤ 10 ᠲᠥᠭᠦᠷᠢᠭ ᠤᠨ ᠨᠥᠬᠦᠪᠥᠷᠢ ᠶᠢ ᠮᠠᠯᠴᠢᠨ ᠡᠷᠦᠬᠡ ᠳᠤ ᠣᠯᠭᠤᠵᠤ᠂ 0.5 ᠲᠥᠭᠦᠷᠢᠭ ᠤᠨ ᠨᠥᠬᠦᠪᠥᠷᠢ ᠶᠢ ᠠᠵᠤ ᠠᠬᠤᠶᠢᠯᠠᠯ ᠳᠤ ᠱᠠᠩᠨᠠᠨ᠎ᠠ᠃ ᠬᠤᠶᠠᠳᠤᠭᠠᠷ ᠱᠠᠲᠤ ᠦᠶ᠎ᠡ ᠄ 7 ᠰᠠᠷ᠎ᠠ ᠶᠢᠨ 1 ᠠᠴᠠ 7 ᠰᠠᠷ᠎ᠠ ᠶᠢᠨ 15 ᠪᠣᠯᠲᠠᠯ᠎ᠠ ᠬᠤᠷᠠᠭᠠᠨ ᠤ ᠬᠡᠩᠬᠦᠳᠡᠭ ᠤᠨ ᠺᠢᠯᠣᠭ᠍ᠷᠠᠮ ᠪᠦᠷᠢ ᠳᠤ 5.5 ᠲᠥᠭᠦᠷᠢᠭ ᠤᠨ ᠨᠥᠬᠦᠪᠥᠷᠢ ᠣᠯᠭᠤᠨ᠎ᠠ᠂ ᠡᠭᠦᠨ ᠳᠤ 5 ᠲᠥᠭᠦᠷᠢᠭ ᠤᠨ ᠨᠥᠬᠦᠪᠥᠷᠢ ᠶᠢ ᠮᠠᠯᠴᠢᠨ ᠡᠷᠦᠬᠡ ᠳᠤ ᠣᠯᠭᠤᠵᠤ᠂ 0.5 ᠲᠥᠭᠦᠷᠢᠭ ᠤᠨ ᠨᠥᠬᠦᠪᠥᠷᠢ ᠶᠢ ᠠᠵᠤ ᠠᠬᠤᠶᠢᠯᠠᠯ ᠳᠤ ᠱᠠᠩᠨᠠᠨ᠎ᠠ᠃     ︵ᠳᠣᠯᠤᠭ᠎ᠠ︶ ︽ᠬᠠᠪᠤᠷ ᠤᠨ ᠤᠯᠠᠷᠢᠯ ᠤᠨ ᠡᠪᠡᠰᠦ ᠪᠣᠷᠳᠣᠭᠠᠨ ᠤ ᠵᠢᠭᠡᠯᠡᠯᠭᠡ︾ ᠡᠷᠡᠮᠡᠯᠵᠢᠯᠡᠬᠦ ᠶᠢ ᠳᠡᠮᠵᠢᠨ ᠳᠡᠳᠬᠦᠨ᠎ᠡ᠃ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠮᠠᠯᠴᠢᠨ ᠡᠷᠦᠬᠡ ᠶᠢᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ︽ᠬᠠᠪᠤᠷ ᠤᠨ ᠤᠯᠠᠷᠢᠯ ᠤᠨ ᠡᠪᠡᠰᠦ ᠪᠣᠷᠳᠤᠭᠠᠨ ᠤ ᠵᠢᠭᠡᠯᠡᠯᠭᠡ︾ ᠡᠷᠡᠮᠡᠯᠵᠢᠯᠡᠬᠦ ᠶᠢ ᠵᠣᠷᠢᠭᠵᠢᠭᠤᠯᠵᠤ᠂ ᠡᠪᠡᠰᠦ ᠪᠣᠷᠳᠤᠭᠠᠨ ᠤ ᠵᠠᠷᠤᠯᠭ᠎ᠠ ᠳᠤ ᠬᠡᠷᠡᠭᠯᠡᠭᠦᠯᠦᠨ᠎ᠡ᠃ 1 ᠵᠢᠯ ᠤᠨ ᠬᠤᠭᠤᠴᠠᠭᠠᠨ ᠳᠤ 2 ᠲᠦᠮᠡᠨ ᠲᠥᠬᠦᠷᠢᠭ ᠤᠨ ᠵᠢᠭᠡᠯᠡᠯᠭᠡ ᠥᠭᠴᠦ ᠂ ᠬᠦᠦ ᠮᠦᠩᠭᠦ ᠶᠢ ᠵᠠᠰᠠᠭ ᠤᠨ ᠣᠷᠳᠣᠨ ᠠᠴᠠ ᠣᠷᠣᠯᠠᠨ ᠥᠭᠭᠦᠨ᠎ᠡ᠃     ᠭᠤᠷᠪᠠ᠂ ᠪᠤᠰᠤᠳ ᠵᠦᠢᠯ     ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ 2024 ᠣᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ ᠨᠡᠶᠢᠲᠡᠯᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号