| ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠥᠨᠥᠬᠡᠨ ᠵᠠᠷᠯᠢᠭ ᠲᠤ | ᠭᠠᠷ ᠤᠨ ᠦᠰᠦᠭ ᠵᠢᠷᠤᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠤᠨ ᠶᠠᠪᠤᠳᠠᠯ ᠤᠨ ᠬᠠᠤᠯᠢ | ᠲᠣᠭᠲᠠᠭᠠᠬᠤ ᠠᠵᠢᠯ ᠤᠨ ᠳᠦᠷᠢᠮ︾ ᠢ ᠨᠡᠶᠢᠲᠡᠯᠡᠵᠦ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠤᠨ ᠶᠠᠪᠤᠳᠠᠯ ᠤᠨ | ᠬᠠᠤᠯᠢ ᠲᠣᠭᠲᠠᠭᠠᠬᠤ ᠠᠵᠢᠯ ᠤᠨ ᠳᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ | ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠲᠤᠤᠱᠯᠠᠭᠤᠯᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ | ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ | ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠤᠯᠢ | ᠲᠣᠭᠲᠠᠭᠠᠬᠤ ᠬᠠᠤᠯᠢ ᠶᠢᠨ ᠶᠣᠰᠣᠭᠠᠷ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠳᠦᠷᠢᠮ | ᠲᠣᠭᠲᠠᠴᠠ ᠶᠢ ᠪᠦᠬᠦ ᠲᠠᠯ᠎ᠠ ᠪᠠᠷ ᠰᠢᠰᠲ᠋ᠧᠮ ᠲᠠᠢ ᠳᠦᠷᠢᠮᠵᠢᠭᠦᠯᠦᠭᠰᠡᠨ ᠪᠠᠶᠢᠨ᠎ᠠ᠂ ᠡᠨᠡ ᠨᠢ ᠴᠡᠷᠢᠭ ᠤᠨ ᠶᠠᠪᠤᠳᠠᠯ ᠤᠨ | ᠬᠠᠤᠯᠢ ᠲᠣᠭᠲᠠᠭᠠᠬᠤ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ᠂ ᠴᠡᠷᠢᠭ ᠢᠶᠠᠨ ᠬᠠᠤᠯᠢ ᠪᠠᠷ ᠵᠠᠰᠠᠬᠤ | ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ᠂ ᠴᠡᠷᠢᠭ ᠤᠨ ᠶᠠᠪᠤᠳᠠᠯ ᠤᠨ ᠵᠠᠰᠠᠯᠲᠠ ᠶᠢ | ᠪᠦᠬᠦ ᠲᠠᠯ᠎ᠠ ᠪᠠᠷ ᠠᠬᠢᠭᠤᠯᠬᠤ ᠳᠤ ᠪᠦᠷ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠡᠨᠡ ︽ᠳᠦᠷᠢᠮ︾ ᠨᠢ ᠨᠡᠶᠢᠲᠡ 13 ᠪᠦᠯᠦᠭ 85 ᠵᠤᠷᠪᠤᠰ ᠲᠠᠢ ᠪᠥᠭᠡᠳ ᠴᠡᠷᠢᠭ ᠤᠨ | ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ | ᠲᠣᠳᠣᠷᠬᠠᠶᠢᠯᠠᠵᠤ᠂ ᠴᠡᠷᠢᠭ ᠤᠨ ᠶᠠᠪᠤᠳᠠᠯ ᠤᠨ ᠬᠠᠤᠯᠢ ᠳᠦᠷᠢᠮ᠂ ᠲᠣᠭᠲᠠᠭᠠᠯ ᠢ ᠲᠣᠭᠲᠠᠭᠠᠬᠤ ᠡᠷᠬᠡ ᠶᠢᠨ | ᠬᠢᠵᠠᠭᠠᠷ ᠢ ᠲᠣᠭᠲᠠᠭᠠᠵᠤ᠂ ᠴᠡᠷᠢᠭ ᠤᠨ ᠶᠠᠪᠤᠳᠠᠯ ᠤᠨ ᠬᠠᠤᠯᠢ ᠳᠦᠷᠢᠮ ᠪᠠ ᠴᠡᠷᠢᠭ ᠤᠨ ᠶᠠᠪᠤᠳᠠᠯ ᠤᠨ ᠲᠣᠭᠲᠠᠭᠠᠯ ᠢ | ᠲᠥᠯᠥᠪᠵᠢᠭᠦᠯᠵᠦ ᠲᠥᠯᠥᠪᠯᠡᠬᠦ᠂ ᠲᠥᠷᠥᠯ ᠵᠦᠢᠯ ᠢ ᠲᠣᠭᠲᠠᠭᠠᠬᠤ᠂ ᠲᠤᠭᠤᠷᠪᠢᠨ ᠪᠢᠴᠢᠬᠦ ᠪᠠ ᠳᠡᠭᠡᠭᠰᠢ ᠮᠡᠳᠡᠭᠦᠯᠬᠦ᠂ | ᠬᠢᠨᠠᠨ ᠪᠠᠶᠢᠴᠠᠭᠠᠬᠤ᠂ ᠲᠣᠭᠲᠠᠭᠠᠬᠤ ᠪᠠ ᠨᠡᠶᠢᠲᠡᠯᠡᠬᠦ᠂ ᠳᠠᠩᠰᠠᠯᠠᠬᠤ᠂ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠵᠡᠷᠭᠡ ᠪᠣᠳᠠᠲᠠᠢ ᠠᠯᠬᠤᠮ ᠳᠠᠷᠠᠭᠠᠯᠠᠯ ᠢ ᠲᠣᠭᠲᠠᠭᠠᠨ ᠳᠦᠷᠢᠮᠵᠢᠭᠦᠯᠵᠦ᠂ ᠴᠢᠨᠠᠭᠰᠢᠯᠠᠨ ᠳᠠᠩᠰᠠᠯᠠᠨ ᠬᠢᠨᠠᠨ | ᠪᠠᠶᠢᠴᠠᠭᠠᠬᠤ᠂ ᠴᠡᠭᠴᠡᠯᠡᠨ ᠡᠮᠬᠢᠳᠬᠡᠬᠦ᠂ ᠬᠡᠷᠡᠭᠯᠡᠬᠦ ᠪᠠ ᠲᠠᠶᠢᠯᠪᠤᠷᠢᠯᠠᠬᠤ᠂ ᠵᠢᠱᠢᠶ᠎ᠡ ᠦᠵᠡᠭᠦᠯᠦᠨ ᠳᠦᠷᠢᠮᠵᠢᠭᠦᠯᠬᠦ | ᠵᠡᠷᠭᠡ ᠬᠠᠮᠢᠶᠠᠲᠠᠢ ᠳᠦᠷᠢᠮ ᠢ ᠴᠦ ᠲᠣᠭᠲᠠᠭᠠᠵᠤ ᠳᠦᠷᠢᠮᠵᠢᠭᠦᠯᠦᠭᠰᠡᠨ ᠪᠠᠶᠢᠨ᠎ᠠ᠃ | |