︿︿5.1﹀﹀ ᠤ ᠬᠥᠳᠡᠯᠮᠦᠷᠢᠴᠢᠳ ᠤᠨ ᠪᠠᠶᠠᠷ ᠢ ᠪᠡᠯᠡᠭᠯᠡᠬᠦ ᠪᠥᠬᠦ ᠬᠤᠰᠢᠭᠤᠨ ᠤ ᠠᠵᠢᠯᠲᠠᠨ ᠤ ᠳᠡᠭᠡᠰᠦ ᠲᠠᠲᠠᠬᠤ ᠤᠷᠤᠯᠳᠤᠭᠠᠨ ᠶᠠᠪᠣᠭᠳᠠᠪᠠ
ᠨᠡᠶᠢᠲᠡᠯᠡᠭᠰᠡᠨ ᠴᠠᠭ᠄
2024/4/29
     ᠪᠥᠬᠦ ᠬᠤᠰᠢᠭᠤᠨ ᠤ ᠠᠵᠢᠯᠲᠠᠨ ᠤ ᠠᠵᠢᠯ ᠤᠨ ᠴᠢᠯᠦᠭᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠢᠳᠡᠪᠬᠢᠲᠠᠢ ᠰᠠᠨᠠᠭᠠᠴᠢᠯᠠᠵᠤ᠂ ᠠᠵᠢᠯᠲᠠᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ ᠢ ᠠᠬᠢᠭᠤᠯᠵᠤ᠂ ᠠᠵᠢᠯᠲᠠᠳ ᠤᠨ ᠡᠩᠨᠡᠭᠡᠨ ᠤ ᠨᠢᠭᠲᠠᠷᠠᠯ ᠤᠨ ᠬᠦᠴᠦᠨ ᠪᠣᠯᠣᠨ ᠪᠥᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠴᠢᠩᠭᠠᠳᠬᠠᠬᠤ ᠶᠢᠨ ᠲᠥᠯᠥᠭᠡ  ᠂ 4 ᠰᠠᠷ᠎ᠠ ᠶᠢᠨ 26 ᠤ ᠡᠳᠦᠷ᠂ ︿︿ᠳᠤᠮᠳᠠᠳᠤ ᠶᠢᠨ ᠬᠦᠰᠡᠯ · ᠬᠥᠳᠡᠯᠮᠦᠷᠢ ᠰᠠᠶᠢᠬᠠᠨ— ᠰᠡᠳᠬᠢᠯ ᠨᠢᠭᠡᠳᠦᠨ ᠨᠠᠮ ᠢᠶᠠᠨ ᠳᠠᠭᠠᠵᠤ ᠪᠥᠯᠬᠦᠮᠳᠡᠨ ᠲᠡᠮᠡᠴᠡᠬᠦ ᠰᠢᠨ᠎ᠡ ᠠᠶᠠᠨ﹀﹀᠂ ︿︿5.1﹀﹀ ᠤ ᠬᠥᠳᠡᠯᠮᠦᠷᠢᠴᠢᠳ ᠤᠨ ᠪᠠᠶᠠᠷ ᠢ ᠪᠡᠯᠡᠭᠯᠡᠬᠦ ᠪᠥᠬᠦ ᠬᠤᠰᠢᠭᠤᠨ ᠤ ᠠᠵᠢᠯᠲᠠᠨ ᠤ ᠳᠡᠭᠡᠰᠦ ᠲᠠᠲᠠᠬᠤ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠲᠠᠮᠢᠷ ᠤᠨ ᠤᠷᠳᠤᠨ ᠳᠤ ᠶᠠᠪᠤᠭᠳᠠᠪᠠ᠃ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠠᠵᠢᠯᠲᠠᠨ ᠤ ᠶᠡᠷᠤᠩᠬᠡᠢ ᠡᠪᠯᠡᠯ ᠠᠴᠠ ᠭᠤᠤᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠪᠥᠬᠦ ᠠᠷᠠᠳ ᠤᠨ ᠪᠠᠶ᠎ᠡ ᠴᠢᠭᠢᠷᠠᠭᠵᠢᠭᠤᠯᠬᠤ ᠲᠥᠪ ᠠᠴᠠ ᠬᠠᠮᠵᠢᠨ ᠡᠷᠬᠢᠯᠡᠵᠦ᠂ ᠡᠯ᠎ᠡ ᠪᠠᠯᠭᠠᠰᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 29 ᠲᠥᠯᠥᠭᠡᠯᠡᠭᠴᠢ ᠶᠢᠨ ᠠᠩᠭᠢ ᠶᠢᠨ 450 ᠭᠠᠷᠤᠢ ᠠᠵᠢᠯᠲᠠᠨ ᠤᠷᠤᠯᠳᠤᠭᠠᠨ ᠳᠤ ᠤᠷᠤᠯᠴᠠᠵᠠᠢ᠃
        ᠲᠤᠰ ᠤᠳᠠᠭᠠᠨ ᠤ ᠤᠷᠤᠯᠳᠤᠭᠠᠨ ᠤ ᠲᠥᠷᠥᠯ ᠵᠦᠢᠯ ᠢ ᠡᠷᠡᠭᠲᠡᠢ ᠶᠢᠨ ᠳᠤᠭᠤᠶᠢᠯᠠᠩ 10 ᠬᠥᠮᠥᠨ᠂ ᠡᠮᠡᠭᠲᠡᠢ ᠶᠢᠨ ᠳᠤᠭᠤᠶᠢᠯᠠᠩ 10 ᠬᠥᠮᠥᠨ᠂ ᠡᠷᠡᠭᠲᠡᠢ ᠡᠮᠡᠭᠲᠡᠢ ᠬᠠᠮᠲᠤᠷᠠᠭᠰᠠᠨ ᠳᠤᠭᠤᠶᠢᠯᠠᠩ 10 ᠬᠥᠮᠥᠨ ︵5 ᠡᠷᠡᠭᠲᠡᠢ 5 ᠡᠮᠡᠭᠲᠡᠢ︶ ᠭᠡᠵᠦ ᠳᠤᠬᠢᠷᠠᠭᠤᠯᠤᠨ᠂ ᠤᠷᠤᠯᠳᠤᠭᠠᠨ ᠳᠤ 3 ᠲᠠᠯᠠᠪᠤᠷ ᠲᠤ 2 ᠢᠯᠠᠬᠤ ᠳᠥᠷᠢᠮᠲᠦ ᠤᠷᠤᠯᠳᠤᠭᠠᠨ ᠢ ᠬᠡᠷᠡᠭᠵᠢᠭᠦᠯᠵᠡᠢ᠃     ᠬᠤᠷᠴᠠ ᠰᠢᠷᠦᠭᠦᠨ ᠤᠷᠤᠯᠳᠤᠭᠠᠨ ᠢᠶᠠᠷ ᠳᠠᠮᠵᠢᠨ᠂ ᠥᠪᠥᠷ ᠮᠤᠩᠭᠤᠯ ᠤᠨ ᠬᠢᠩᠭᠠᠨ ᠵᠡᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ ᠬᠢᠵᠠᠭᠠᠷᠲᠦ ᠺᠤᠮᠫᠠᠨᠢ ᠶᠢᠨ ᠡᠷᠡᠭᠲᠡᠢ ᠶᠢᠨ ᠳᠤᠭᠤᠶᠢᠯᠠᠩ  ᠲᠡᠷᠢᠭᠦᠨ ᠪᠠᠶᠢᠷᠢᠨ ᠳᠤ ᠲᠤᠳᠤᠷᠠᠨ᠂ ᠬᠤᠭᠤᠯᠠᠲᠦ ᠶᠢᠨ ᠭᠤᠥᠯ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠡᠷᠡᠭᠲᠡᠢ ᠶᠢᠨ ᠳᠤᠭᠤᠶᠢᠯᠠᠩ ᠤᠨ ᠳᠡᠳ᠋ ᠪᠠᠶᠢᠷᠢᠨ ᠳᠤ ᠲᠤᠳᠤᠷᠠᠨ᠂ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠦ ᠺᠤᠮᠫᠠᠨᠢ  ᠡᠷᠡᠭᠲᠡᠢ ᠶᠢᠨ ᠳᠤᠭᠤᠶᠢᠯᠠᠩ ᠤᠨ ᠭᠤᠷᠪᠠᠳᠤᠭᠠᠷ ᠪᠠᠶᠢᠷᠢᠨ ᠳᠤ ᠲᠤᠳᠤᠷᠠᠵᠠᠢ᠃ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠡᠮᠡᠭᠲᠡᠢ ᠶᠢᠨ ᠳᠤᠭᠤᠶᠢᠯᠠᠩ ᠤᠨ ᠲᠡᠷᠢᠭᠦᠨ ᠪᠠᠶᠢᠷᠢᠨ ᠳᠤ ᠲᠤᠳᠤᠷᠠᠨ᠂ ᠭᠤᠷᠪᠠᠳᠤᠭᠠᠷ ᠪᠠᠭ᠎ᠠ ᠰᠤᠷᠭᠠᠭᠤᠯᠢ ᠡᠮᠡᠭᠲᠡᠢ ᠶᠢᠨ ᠳᠤᠭᠤᠶᠢᠯᠠᠩ ᠤᠨ ᠳᠡᠳ᠋ ᠪᠠᠶᠢᠷᠢᠨ ᠳᠤ ᠲᠤᠳᠤᠷᠠᠨ᠂ ᠪᠠᠶᠠᠨᠬᠤᠰᠢᠭᠤ ᠰᠤᠮᠤᠨ ᠤ ᠠᠷᠠᠳ ᠤᠨ ᠵᠠᠰᠠᠭ ᠤᠨ ᠤᠷᠳᠤᠨ ᠡᠮᠡᠭᠲᠡᠢ ᠶᠢᠨ ᠳᠤᠭᠤᠶᠢᠯᠠᠩ ᠤᠨ ᠭᠤᠷᠪᠠᠳᠤᠭᠠᠷ ᠪᠠᠶᠢᠷᠢᠨ ᠳᠤ ᠲᠤᠳᠤᠷᠠᠵᠠᠢ᠃  ᠵᠢᠷ ᠤᠨ ᠭᠤᠣᠯ ᠬᠡᠥᠬᠡᠳ ᠤᠨ ᠴᠡᠴᠡᠷᠯᠢᠭ ᠡᠷᠡᠭᠲᠡᠢ ᠡᠮᠡᠭᠲᠡᠢ ᠬᠠᠮᠲᠤᠷᠠᠭᠰᠠᠨ ᠳᠤᠭᠤᠶᠢᠯᠠᠩ ᠲᠡᠷᠢᠭᠦᠨ ᠪᠠᠶᠢᠷᠢᠨ ᠳᠤ ᠲᠤᠳᠤᠷᠠᠨ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠬᠠᠮᠲᠤᠷᠠᠭᠰᠠᠨ ᠳᠤᠭᠤᠶᠢᠯᠠᠩ ᠳᠡᠳ᠋ ᠪᠠᠶᠢᠷᠢᠨ ᠳᠤ ᠲᠤᠳᠤᠷᠠᠨ᠂ ᠡᠳ᠋ ᠤᠨ ᠵᠠᠰᠠᠭ ᠤᠨ ᠳᠤᠪᠴᠢᠶ᠎ᠠ ᠡᠷᠡᠭᠲᠡᠢ ᠡᠮᠡᠭᠲᠡᠢ ᠬᠠᠮᠲᠤᠷᠠᠭᠰᠠᠨ ᠳᠤᠭᠤᠶᠢᠯᠠᠩ ᠤᠨ ᠭᠤᠷᠪᠠᠳᠤᠭᠠᠷ ᠪᠠᠶᠢᠷᠢᠨ ᠳᠤ ᠲᠤᠳᠤᠷᠠᠵᠠᠢ᠃
   
     ︿︿ᠳᠡᠮ ᠳᠡᠮ ᠳᠤ ᠪᠠᠨ ᠳᠡᠭᠡᠰᠦ ᠡᠷᠴᠢᠮ ᠳᠤ ᠪᠠᠨ﹀﹀ ᠭᠡᠳᠡᠭ ᠢᠶᠠᠷ ᠲᠠᠮᠢᠷᠴᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠂ ᠲᠠᠮᠢᠷᠴᠢᠳ ᠤᠨ ᠬᠤᠭᠤᠷᠤᠨᠳᠤᠬᠢ ᠰᠢᠳᠤᠷᠭᠤ  ᠬᠠᠮᠵᠢᠯᠴᠠᠭ᠎ᠠ ᠵᠢᠴᠢ ᠰᠢᠨᠲᠠᠷᠠᠰᠢ ᠦᠭᠡᠢ ᠴᠢᠷᠮᠠᠶᠢᠯᠭ᠎ᠠ ᠶᠢᠨ  ᠳᠣᠣᠷ᠎ᠠ ᠤᠷᠤᠯᠳᠤᠭᠠᠨ ᠲᠡᠭᠦᠰ ᠠᠮᠵᠢᠯᠲᠠ ᠲᠠᠢ ᠥᠨᠳᠦᠷᠯᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号