ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠬᠦᠴᠦᠨ ᠦᠭᠡᠢ ᠪᠣᠯᠭᠠᠬᠤ 7 ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/29
     ᠮᠠᠨ ᠤ ᠬᠤᠰᠢᠭᠤᠨ ᠤ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂  ᠬᠦᠳᠡᠭᠡ ᠠᠴᠠ ᠬᠤᠲᠠ ᠤᠷᠤᠭᠰᠠᠨ ᠬᠥᠮᠥᠨ ᠠᠮᠠ ᠪᠠ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢᠨ ᠳᠦᠯᠦᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠶᠢᠲᠡᠯᠡᠭᠰᠡᠨ ︽ᠬᠤᠲᠠ ᠪᠠᠯᠭᠠᠰᠤᠨ ᠤ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 2 ᠳ᠋ᠤᠭᠠᠷ ᠲᠣᠭᠠᠲᠤ︶ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2024 ᠣᠨ ᠤ 4 ᠰᠠᠷ᠎ᠠ ᠶᠢᠨ 25 ᠤ ᠡᠳᠦᠷ ᠠᠴᠠ ᠡᠬᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠨᠢ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠬᠦᠴᠦᠨ ᠦᠭᠡᠢ ᠪᠣᠯᠭᠠᠬᠤ 7 ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠨ᠎ᠡ ᠬᠤᠲᠠ ᠶᠢᠨ ᠠᠷᠠᠳ ᠪᠠ ᠭᠡᠷ ᠪᠦᠯᠢ ᠢᠶᠠᠨ ᠳᠠᠭᠠᠵᠤ ᠶᠠᠪᠤᠵᠦ ᠪᠠᠶᠢᠭ᠎ᠠ ᠬᠦᠮᠦᠰ ᠤᠨ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠢᠳᠡᠪᠬᠢᠲᠡᠢ ᠵᠣᠷᠢᠭᠵᠢᠭᠤᠯᠤᠨ᠂ ᠡᠷᠦᠬᠡ ᠠᠮᠠ ᠶᠢᠨ ᠬᠠᠮᠢᠶᠠᠷᠤᠯᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠪᠠ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄      ᠨᠢᠭᠡ ᠳᠤ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ︵ᠲᠦᠷᠢᠶᠡᠰᠦᠯᠡᠬᠦ ᠶᠢ ᠪᠠᠭᠲᠠᠭᠠᠨ᠎ᠠ︶ ᠶᠢᠨ ᠨᠥᠬᠦᠴᠡᠯ ᠢ ᠬᠠᠩᠭᠠᠵᠤ᠂ ᠭᠡᠷ ᠪᠠᠶᠢᠰᠢᠩ ᠤᠨ ᠡᠬᠡ ᠮᠥᠩᠭᠦ᠂ ᠭᠡᠷ ᠪᠠᠶᠢᠰᠢᠩ ᠬᠤᠳᠠᠯᠳᠤᠨ ᠠᠪᠬᠤ ᠭᠡᠷ᠎ᠡ ︵ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ︶᠂ ᠭᠡᠷ ᠪᠠᠶᠢᠰᠢᠩ ᠲᠦᠷᠢᠶᠡᠰᠦᠯᠡᠬᠦ ᠭᠡᠷ᠎ᠡ᠂ ᠤᠯᠠᠨ ᠨᠡᠶᠢᠲᠡ ᠶᠢᠨ ᠬᠢᠮᠳᠠ ᠲᠦᠷᠢᠶᠡᠰᠦᠨ ᠭᠡᠷ ᠤᠨ ᠭᠡᠷᠡᠴᠢ ᠪᠠᠷ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃     ᠬᠤᠶᠠᠷ ᠲᠤ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠬᠤ ᠨᠥᠬᠦᠴᠡᠯ ᠢ ᠬᠠᠩᠭᠠᠵᠤ᠂ ᠬᠥᠳᠡᠯᠮᠦᠷᠢ ᠶᠢᠨ ᠭᠡᠷ᠎ᠡ᠂ ᠠᠵᠢᠯ ᠣᠯᠬᠤ ᠬᠡᠯᠡᠯᠴᠡᠭᠡᠷ᠂ ᠠᠵᠢᠯ ᠤᠨ ᠭᠡᠷᠡᠴᠢ ᠮᠠᠲ᠋ᠧᠷᠢᠶᠠᠯ ᠢᠶᠠᠨ ᠠᠪᠴᠤ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃     ᠭᠤᠷᠪᠠ ᠳᠤ᠂ ᠬᠠᠤᠯᠢ ᠶᠣᠰᠣᠭᠠᠷ ᠠᠳᠠᠯ ᠦᠢᠯᠡᠰ  ᠴᠤᠭᠴᠠᠯᠭᠰᠠᠳ᠂ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ    ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃     ᠳᠥᠷᠪᠡ ᠳᠤ᠂ ᠬᠤᠲᠠ ᠪᠠᠯᠭᠠᠰᠤᠨ ᠳᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠪᠠᠶᠢᠪᠠᠯ᠂ ᠣᠷᠣᠰᠢᠨ ᠰᠠᠭᠤᠬᠤ ᠦᠨᠡᠮᠯᠡᠯ ᠪᠤᠶᠤ ᠣᠷᠣᠰᠢᠨ ᠰᠠᠭᠤᠭᠰᠠᠨ ᠵᠢᠷᠭᠤᠭᠠᠨ ᠰᠠᠷ᠎ᠠ ᠶᠢᠨ ᠭᠡᠷᠡᠴᠢ ᠮᠠᠲ᠋ᠧᠷᠢᠶᠠᠯ ᠢᠶᠠᠨ ᠠᠪᠴᠤ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃     ᠲᠠᠪᠤ ᠳᠤ᠂ ᠴᠢᠳᠠᠪᠤᠷᠢᠲᠠᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠳᠤ ᠨᠡᠶᠢᠴᠡᠪᠡᠯ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠭᠠᠭᠤᠯᠢ ᠲᠡᠭᠦᠰᠦᠭᠰᠡᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃     ᠵᠢᠷᠭᠤᠭ᠎ᠠ ᠳᠤ᠂ ᠰᠢᠭᠤᠳ ᠴᠢᠰᠤᠨ ᠲᠥᠷᠥᠯ ᠤᠨ ᠬᠠᠷᠢᠴᠠᠭ᠎ᠠ ᠪᠠᠷ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠬᠠᠩᠭᠠᠭᠰᠠᠨ ᠪᠠᠶᠢᠪᠠᠯ᠂ ᠬᠠᠮᠲᠤ ᠠᠮᠢᠳᠤᠷᠠᠵᠤ ᠪᠠᠶᠢᠭ᠎ᠠ ᠬᠤᠯᠪᠣᠰᠤ᠂ ᠦᠷ᠎ᠡ ᠬᠡᠦᠬᠡᠳ᠂ ᠣᠮᠪᠣᠯᠣ ᠬᠦᠦ ᠥᠬᠢᠨ ︵ᠵᠢᠭᠡ ᠣᠮᠪᠣᠯᠣ ᠬᠦᠦ ᠥᠬᠢᠨ︶ ᠪᠣᠯᠣᠨ ᠡᠷ᠎ᠡ ᠡᠮ᠎ᠡ ᠬᠤᠶᠠᠷ ᠡᠲᠡᠭᠡᠳ ᠤᠨ ᠡᠴᠢᠭᠡ ᠡᠬᠡ ᠨᠢ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠰᠠᠳᠤᠨ ᠲᠦᠷᠦᠯ ᠤᠨ ᠬᠠᠷᠢᠴᠠᠭ᠎ᠠ ᠳᠤ ᠳᠦᠰᠢᠭᠯᠡᠨ ᠬᠤᠲᠠ ᠶᠢᠨ ᠡᠷᠦᠬᠡ ᠠᠮᠠ ᠳᠤ ᠤᠷᠤᠬᠤ ᠬᠥᠮᠥᠨ ᠨᠢ ᠨᠠᠰᠤ ᠵᠢᠯ᠂ ᠤᠷᠤᠭᠯᠠᠭᠰᠠᠨ ᠡᠰᠡᠬᠦ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠡᠰᠡᠬᠦ ᠪᠠ ᠣᠷᠣᠨ ᠰᠠᠭᠤᠴᠠ ᠶᠢᠨ ᠲᠠᠯᠠᠪᠠᠶ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ  ᠃     ᠳᠣᠯᠤᠭ᠎ᠠ ᠳᠤ᠂ ᠥᠪᠡᠷ ᠤᠨ ᠭᠡᠷ ᠪᠠᠶᠢᠰᠢᠩ ᠦᠭᠡᠢ ᠪᠤᠶᠤ ᠪᠣᠳᠠᠲᠠᠢ ᠣᠷᠣᠰᠢᠨ ᠰᠠᠭᠤᠵᠤ ᠪᠠᠶᠢᠭ᠎ᠠ ᠬᠠᠶ᠋ᠢᠭ ᠲᠠᠭᠠᠨ ᠡᠷᠦᠬᠡ ᠠᠮᠠ ᠶᠢᠨ ᠲᠠᠩᠰᠠ ᠪᠠᠨ ᠲᠡᠮᠳᠡᠭᠯᠡᠬᠦ ᠶᠢᠨ ᠠᠷᠭ᠎ᠠ ᠦᠭᠡᠢ ᠪᠠᠶᠢᠪᠠᠯ᠂ ᠨᠢᠭᠡᠴᠡ ᠶᠢᠨ ᠬᠠᠮᠲᠤ ᠶᠢᠨ ᠡᠷᠦᠬᠡ ᠪᠤᠶᠤ ᠣᠲᠣ ᠶᠢᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠳᠤ ᠡᠷᠦᠬᠡ ᠠᠮᠠ ᠶᠢᠨ ᠲᠠᠩᠰᠠ ᠪᠠᠨ ᠲᠡᠮᠳᠡᠭᠯᠡᠨ᠂ ᠡᠷᠦᠬᠡ ᠠᠮᠠ ᠣᠷᠣᠬᠤ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ᠃        ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                       2024 ᠣᠨ ᠤ 4 ᠰᠠᠷ᠎ᠠ ᠶᠢᠨ 25
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号