ᠪᠠᠷᠠᠭᠤᠨ ᠦᠵᠦᠮᠦᠴᠢᠨ ᠬᠤᠰᠢᠭᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︵2024 ︱ 2028︶᠎ ᠶᠢᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
        4 ᠰᠠᠷ᠎ᠠ ᠶᠢᠨ 2᠎ ᠤᠨ ᠦᠳᠡ ᠶᠢᠨ ᠬᠤᠶᠢᠨ᠎ᠠ᠂ ᠬᠤᠰᠢᠭᠤ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠪᠠᠷᠠᠭᠤᠨ ᠦᠵᠦᠮᠦᠴᠢᠨ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︵2024 ︱ 2028︶︾᠎ ᠶᠢᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠲᠥᠷᠥᠯ ᠤᠨ ᠳᠣᠲᠣᠷᠠᠬᠢ ᠮᠠᠯ ᠠᠵᠤ ᠠᠬᠤᠢ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠲᠠᠯ᠎ᠠ ᠶᠢᠨ ᠲᠠᠪᠤᠨ ᠲᠤᠰᠬᠠᠢ ᠮᠡᠷᠭᠡᠵᠢᠯᠲᠡᠨ ᠪᠠ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠵᠢᠴᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠡᠯ᠎ᠡ ᠬᠤᠶᠠᠳᠤᠭᠠᠷ ᠳᠡᠰ ᠤᠨ ᠨᠢᠭᠡᠴᠡ ᠪᠠ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠪᠠ᠃ ᠬᠤᠷᠠᠯ ᠳᠡᠭᠡᠷ᠎ᠡ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠨᠢ ᠪᠠᠶᠢᠭᠤᠯᠭ᠎ᠠ ᠨᠢᠭᠡᠴᠡ ᠶᠢᠨ ᠨᠠᠶᠢᠷᠠᠭᠤᠯᠤᠨ ᠵᠣᠬᠢᠶᠠᠭᠰᠠᠨ ᠲᠥᠯᠦᠪᠵᠢᠭᠦᠯᠭᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠢ ᠮᠡᠷᠭᠡᠵᠢᠯᠲᠡᠨ ᠠᠴᠠ ᠲᠥᠯᠦᠪᠵᠢᠭᠦᠯᠭᠡ ᠶᠢᠨ ᠠᠭᠤᠯᠭ᠎ᠠ ᠶᠢᠨ ᠲᠤᠬᠠᠢ ᠠᠰᠠᠭᠤᠯᠲᠠ ᠳᠤᠷᠠᠳᠴᠤ᠂ ᠬᠢᠨᠠᠨ ᠲᠣᠭᠲᠠᠭᠠᠬᠤ ᠳᠤᠭᠤᠶᠢᠯᠠᠩ ᠤᠨ ᠬᠢᠨ ᠭᠦᠢᠴᠡᠳ ᠶᠠᠷᠢᠯᠴᠠᠬᠤ ᠪᠠᠷ ᠳᠡᠮᠵᠢᠨ ᠬᠢᠨᠠᠨ ᠲᠣᠭᠲᠠᠭᠠᠭᠰᠠᠨ ᠰᠠᠨᠠᠯ ᠪᠠ ᠳ᠋ᠦᠩᠨᠡᠯᠲᠡ ᠶᠢ ᠭᠠᠷᠭᠠᠪᠠ᠃       ᠲᠠᠷᠠᠭᠠᠴᠢ ᠶᠢᠨ ᠠᠯᠬᠤᠮ ᠳᠤ ᠬᠤᠰᠢᠭᠤ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠵᠦᠢ ᠵᠣᠬᠢᠰᠲᠠᠢ ᠰᠠᠨᠠᠯ ᠰᠠᠨᠠᠭᠤᠯᠭ᠎ᠠ ᠶᠢ    ᠦᠨᠳᠦᠰᠦᠯᠡᠨ᠂ ᠲᠥᠯᠦᠪᠵᠢᠭᠦᠯᠭᠡ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠨᠠᠩ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠨ᠎ᠠ᠃ ᠬᠤᠶᠢᠰᠢᠳᠠ  ᠎ ᠶᠢᠨ ᠠᠵᠢᠯ ᠤᠨ ᠳᠤᠮᠳᠠ ᠠᠳᠤᠭᠤᠨ ᠤ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠳᠤᠭᠤᠨ ᠤ ᠠᠵᠤ ᠦᠢᠯᠡᠰ᠂ ᠠᠳᠤᠭᠤᠨ ᠤ ᠰᠣᠶᠣᠯ ᠵᠢᠭᠤᠯᠴᠢᠯᠠᠯ᠂ ᠠᠳᠤᠭᠤᠨ ᠤ ᠪᠦᠲᠦᠭᠡᠭᠳᠡᠬᠦᠨ ᠢ ᠪᠣᠯᠪᠠᠰᠤᠷᠠᠭᠤᠯᠬᠤ ᠠᠴᠠ ᠠᠳᠤᠭᠤᠨ ᠤ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠤᠨ ᠬᠥᠭᠵᠢᠭᠦᠯᠬᠦ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ  ᠎ ᠶᠢ ᠬᠦᠴᠦᠯᠡᠨ ᠪᠠᠶᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ  ᠎ ᠶᠢ ᠦᠷᠭᠦᠯᠵᠢᠯᠡᠨ ᠴᠢᠩᠭᠠᠳᠬᠠᠵᠤ᠂ ᠠᠳᠤᠭᠤᠨ ᠤ ᠠᠵᠤ ᠦᠢᠯᠡᠰ ᠤᠨ ᠬᠡᠯᠪᠡᠷᠢ  ᠎ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠪᠥᠬᠦ ᠬᠤᠰᠢᠭᠤᠨ ᠤ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠎ ᠶᠢ ᠦᠷᠭᠦᠯᠵᠢᠯᠡᠨ ᠠᠬᠢᠭᠤᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号