ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠶᠤᠨ ᠮᠡᠳᠡᠷᠡᠯ ᠤᠨ ᠡᠪᠡᠳᠴᠢᠳᠡᠨ ᠢ ᠬᠠᠯᠠᠮᠵᠢᠯᠠᠨ ᠡᠷᠡᠬᠦᠯᠵᠢᠬᠦᠯᠬᠦ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/4/3
      ᠤᠶᠤᠨ ᠮᠡᠳᠡᠷᠡᠯ ᠤᠨ ᠡᠪᠡᠳᠴᠢᠳᠡᠨ ᠢ ᠬᠠᠯᠠᠮᠵᠢᠯᠠᠨ ᠡᠷᠡᠬᠦᠯᠵᠢᠬᠦᠯᠬᠦ ᠠᠵᠢᠯᠯᠠᠭ᠎ᠠ ᠶᠢᠨ ᠵᠣᠷᠢᠯᠭ᠎ᠠ ᠨᠢ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠨᠡᠶᠢᠭᠡᠮ ᠳᠤ ᠠᠭᠤᠰᠤᠯᠴᠠᠬᠤ ᠶᠢ ᠠᠬᠢᠭᠤᠯᠵᠤ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠪᠤᠯᠤᠨ ᠳᠡᠭᠦᠨ ᠤ ᠭᠡᠷ ᠪᠦᠯᠢ ᠵᠢᠴᠢ ᠨᠡᠶᠢᠭᠡᠮ ᠤᠨ ᠳᠠᠷᠤᠭᠠᠰᠤ ᠶᠢ ᠬᠥᠩᠭᠡᠷᠡᠭᠦᠯᠵᠦ᠂ ᠨᠡᠶᠢᠭᠡᠮ ᠵᠢᠷᠤᠮᠲᠤ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠮᠤᠷ ᠲᠦᠪᠰᠢᠨ᠂ ᠲᠣᠭᠲᠠᠭᠤᠨ᠂ ᠡᠷᠡᠭᠦᠯ ᠴᠢᠭᠢᠷᠠᠭ᠂ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠶᠢᠨ ᠲᠥᠯᠥᠭᠡ ᠶᠤᠮ᠃
            2023 ᠣᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠠᠶᠠᠰᠤᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠵᠢᠴᠢ ᠦᠷᠳᠡᠭᠡ ᠳᠣᠲᠣᠷᠠᠬᠢ ᠵᠡᠮᠳᠡᠭᠴᠦᠳ ᠤᠨ ᠡᠷᠡᠭᠦᠯᠵᠢᠯ ᠤᠨ ᠵᠢᠵᠢᠭ ᠦᠷᠳᠡᠭᠡ ᠳᠤ ᠲᠦᠰᠢᠭᠯᠡᠨ᠂ ᠤᠶᠤᠨ ᠮᠡᠳᠡᠷᠡᠯ ᠤᠨ ᠰᠠᠭᠠᠳ ᠲᠠᠢ ᠡᠪᠡᠳᠴᠢᠳᠡᠨ ᠳᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠷᠳᠡᠭᠡ ᠪᠠᠶᠢᠭᠤᠯᠵᠤ᠂ ᠡᠷᠡᠭᠦᠯᠵᠢᠯ ᠢ ᠠᠬᠢᠭᠤᠯᠬᠤ ᠠᠵᠢᠯ ᠢ ᠥᠷᠨᠢᠭᠦᠯᠵᠡᠢ᠃ 2024 ᠣᠨ ᠪᠣᠯ ᠡᠷᠡᠬᠦᠯᠵᠢᠯᠡᠯ ᠢ ᠠᠬᠢᠭᠤᠯᠬᠤ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠣᠨ ᠪᠣᠯᠣᠨ᠎ᠠ᠂ ᠡᠨᠡᠬᠦ ᠠᠵᠢᠯ ᠢ ᠤᠯᠠᠮ ᠨᠢᠭᠡ ᠠᠯᠬᠤᠮ ᠨᠠᠷᠢᠨ ᠪᠣᠳᠠᠲᠠᠢ ᠬᠢᠬᠦ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯᠣᠨ ᠡᠷᠡᠬᠦᠯᠵᠢᠯᠡᠯ ᠢ ᠠᠬᠢᠭᠤᠯᠬᠤ ᠲᠥᠷᠥᠯ ᠵᠦᠢᠯ ᠢ ᠬᠦᠯᠢᠶᠡᠨ ᠠᠪᠤᠭᠰᠠᠨ ᠨᠢᠭᠡᠴᠡ ᠨᠢ ᠪᠠᠷᠠᠭᠤᠨ ᠦᠵᠦᠮᠦᠴᠢᠨ ᠬᠤᠰᠢᠭᠤᠨ ᠤ ᠰᠡᠳᠬᠢᠴᠡ ᠶᠢᠨ ᠡᠷᠡᠭᠦᠯ ᠬᠠᠮᠠᠭᠠᠯᠠᠯ ᠤᠨ ᠨᠡᠶᠢᠭᠡᠮᠯᠢᠭ ᠲᠠᠢ ᠬᠠᠷᠢᠯᠴᠠᠵᠤ᠂ ᠬᠡᠷᠡᠭᠵᠢᠭᠦᠯᠬᠦ ᠲᠥᠰᠥᠯ ᠢ ᠠᠩᠬ᠎ᠠ ᠠᠯᠬᠤᠮ ᠲᠤᠭᠤᠷᠪᠢᠨ ᠲᠣᠭᠲᠠᠭᠠᠵᠤ᠂ ᠭᠥᠯᠢᠶᠡᠨ ᠠᠪᠬᠤ ᠪᠠᠶᠢᠭᠤᠯᠤᠮᠵᠢ  ᠠᠴᠠ ᠣᠶᠤᠨ ᠮᠡᠳᠡᠷᠡᠯ ᠤᠨ ᠰᠠᠭᠠᠳ ᠲᠠᠢ ᠡᠪᠡᠳᠴᠢᠳᠡᠨ ᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠥᠷᠨᠢᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠡᠲᠡᠭᠡᠳ ᠤᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ ᠵᠡᠷᠭᠡ ᠠᠳᠠᠯᠢ ᠪᠤᠰᠤ ᠨᠠᠰᠤᠨ ᠤ ᠡᠷᠡᠭᠦᠯᠵᠢᠯ ᠤᠨ ᠡᠲᠡᠭᠡᠳ ᠤᠨ ᠣᠨᠴᠠᠭᠠᠶ ᠬᠡᠷᠡᠭᠴᠡᠭᠡ ᠪᠠ ᠣᠨᠴᠠᠯᠢᠭ ᠲᠤ ᠴᠢᠭᠯᠡᠭᠦᠯᠦᠨ᠂ ᠡᠷᠡᠭᠦᠯᠵᠢᠯ ᠤᠨ ᠦᠢᠯᠡᠴᠢᠯᠡᠭᠡᠨ ᠤ ᠠᠭᠤᠯᠭ᠎ᠠ ᠶᠢ ᠵᠢᠷᠤᠵᠤ ᠲᠥᠯᠥᠪᠯᠡᠨ᠂ ᠥᠪᠡᠷᠮᠢᠴᠡ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠬᠦᠯᠪᠡ᠃ ᠲᠠᠷᠠᠭᠠᠴᠢ ᠶᠢᠨ ᠠᠯᠬᠤᠮ ᠳᠤ᠂  ᠡᠷᠡᠭᠦᠯ ᠬᠠᠮᠠᠭᠠᠯᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠡᠯ᠎ᠡ ᠰᠠᠯᠠᠭ᠎ᠠ ᠮᠥᠴᠢᠷ ᠤᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠷ ᠢᠶᠠᠨ ᠲᠣᠰ ᠠᠵᠢᠯ ᠢ  ᠠᠬᠢᠭᠤᠯᠵᠤ᠂  ᠡᠷᠡᠭᠦᠯᠵᠢᠯ ᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠬᠤᠰᠢᠭᠤᠨ ᠤ ᠡᠷᠡᠭᠦᠯᠵᠢᠭᠦᠯᠬᠦ ᠡᠲᠡᠭᠡᠳ ᠤᠨ ᠡᠪᠡᠳᠴᠢᠨ ᠡᠮᠭᠡᠭ ᠤᠨ ᠳᠠᠬᠢᠨ ᠡᠭᠦᠰᠬᠦ ᠨᠣᠷᠮ᠎ᠠ᠂ ᠵᠡᠮᠳᠡᠭᠷᠡᠯ ᠤᠨ ᠨᠣᠷᠮ᠎ᠠ ᠶᠢ ᠢᠯᠡᠳᠲᠡ ᠪᠠᠭᠤᠷᠠᠭᠤᠯᠵᠤ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ᠂ ᠠᠵᠢᠯ ᠣᠯᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠡᠷᠡᠭᠦᠯᠵᠢᠭᠦᠯᠬᠦ ᠡᠲᠡᠭᠡᠳ ᠵᠢᠴᠢ ᠬᠠᠷᠠᠭᠠᠯᠵᠠᠭᠴᠢᠳ ᠤᠨ ᠲᠤᠰᠬᠠᠢ ᠮᠡᠷᠭᠡᠵᠢᠯ ᠤᠨ ᠦᠢᠯᠡᠴᠢᠯᠡᠭᠡ ᠭᠥᠷᠳᠡᠬᠦ ᠤᠬᠠᠮᠰᠠᠷ ᠪᠠ ᠬᠦᠰᠡᠯ ᠡᠷᠡᠮᠡᠯᠵᠡᠯ ᠢ ᠢᠯᠡᠳᠲᠡ ᠨᠡᠮᠡᠭᠳᠡᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号