ᠪᠠᠷᠠᠭᠤᠨ ᠦᠵᠦᠮᠦᠴᠢᠨ ᠬᠤᠰᠢᠭᠤ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
     3 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠰᠢᠭᠤ ᠠᠷᠠᠳ ᠤᠨ ᠰᠢᠭᠦᠬᠦ ᠬᠤᠷᠢᠶᠠᠨ ᠳᠤ ᠬᠤᠷᠠᠯᠳᠤᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠳ᠋ᠦᠩ ᠹᠧᠩ᠂ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ ᠵᠣᠣ ᠵᠧᠨ ᠴᠢᠩ ᠬᠤᠷᠠᠯ ᠳᠤ ᠣᠷᠣᠯᠴᠠᠵᠤ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠬᠠᠮᠲᠤᠷᠠᠭᠰᠠᠨ ᠬᠤᠷᠠᠯ ᠤᠨ ᠭᠡᠰᠢᠭᠦᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ    ᠵᠥᠪᠯᠡᠯ᠂ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ᠂ ᠡᠩ ᠲᠡᠷᠢᠭᠦᠨ ᠳᠤ 2023 ᠣᠨ ᠤ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ ᠲᠠᠷᠠᠭ᠎ᠠ ᠨᠢ᠂ ᠬᠤᠷᠠᠯ ᠳᠤ ᠣᠷᠣᠯᠴᠠᠭᠰᠠᠳ ᠣᠳᠣᠬᠠᠨ ᠤ ᠠᠵᠢᠯ ᠤᠨ ᠠᠵᠢᠯᠯᠠᠭᠠᠨ ᠤ ᠪᠠᠶᠢᠳᠠᠯ᠂ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠪᠣᠳᠠᠲᠠᠢ ᠠᠵᠢᠯ ᠤᠨ ᠲᠥᠯᠥᠪᠯᠡᠭᠡ ᠶᠢᠨ ᠲᠣᠭᠤᠷᠢᠨ ᠳᠤ ᠭᠦᠨᠵᠡᠭᠡᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠣᠨᠴᠠ ᠤᠷᠢᠭᠰᠠᠨ ᠡᠶᠡᠳᠡᠭᠦᠯᠦᠭᠴᠢ ᠶᠢᠨ ᠰᠤᠷᠤᠯᠴᠠᠯᠭ᠎ᠠ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠲᠡᠳᠡᠨ ᠤ ᠡᠶᠡᠳᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠲᠦᠷᠦ ᠶᠢᠨ ᠵᠥᠪᠯᠡᠯᠭᠡᠨ ᠤ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠥᠷᠭᠡᠳᠬᠡᠬᠦ ᠶᠢᠨ ᠬᠠᠮᠲᠤ ᠡᠶᠡᠳᠡᠭᠦᠯᠬᠦ ᠵᠠᠷᠤᠳᠠᠯ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠣᠨᠴᠠ ᠤᠷᠢᠭᠰᠠᠨ ᠡᠶᠡᠳᠡᠭᠦᠯᠦᠭᠴᠢ ᠶᠢᠨ ᠬᠡᠷᠡᠭ ᠢᠶᠠᠷ ᠨᠥᠬᠦᠪᠦᠷᠢ ᠥᠭᠬᠦ ᠵᠠᠷᠤᠳᠠᠯ ᠢ ᠲᠣᠭᠲᠠᠭᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠡᠶᠡᠳᠡᠭᠦᠯᠦᠭᠴᠢ ᠶᠢᠨ ᠢᠳᠡᠪᠬᠢᠵᠢᠯ ᠢ ᠨᠡᠩ ᠰᠠᠶᠢᠲᠤᠷ ᠲᠠᠶᠢᠴᠢᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠱᠠᠭᠠᠷᠳᠠᠯᠭ᠎ᠠ ᠶᠢ ᠤᠯᠠᠨ ᠡᠰᠢᠴᠢᠯᠡᠭᠰᠡᠨ ᠰᠢᠢᠳᠪᠦᠷᠢᠯᠡᠬᠦ ᠠᠵᠢᠯ ᠤᠨ ᠡᠬᠢᠨ ᠠᠴᠠ ᠳᠠᠭᠤᠰᠲᠠᠯ᠎ᠠ ᠲᠤᠤᠱᠯᠠᠭᠤᠯᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠠᠮᠲᠤ᠂ ᠬᠡᠷᠡᠭ ᠢ ᠡᠶᠡᠳᠡᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠢᠳᠡᠪᠬᠢᠲᠡᠢ ᠪᠠᠷ ᠵᠢᠭᠠᠪᠤᠷᠢ ᠠᠪᠴᠤ ᠬᠠᠷᠢᠭᠤ ᠮᠡᠳᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠤᠨ ᠳᠤᠮᠳᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢ ᠢᠯᠡᠷᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号