4 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠤᠰᠢᠭᠤ ᠠᠳᠤᠭᠤᠨ ᠤ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠪᠠᠷᠠᠭᠤᠨ | ᠦᠵᠦᠮᠦᠴᠢᠨ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︵2024 | ︱ 2028︶︾ ᠶᠢᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠠᠵᠢᠯ ᠲᠥᠷᠥᠯ ᠤᠨ ᠳᠣᠲᠣᠷᠠᠬᠢ ᠮᠠᠯ ᠠᠵᠤ ᠠᠬᠤᠢ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠬᠦ ᠲᠠᠯ᠎ᠠ ᠶᠢᠨ ᠲᠠᠪᠤᠨ ᠲᠤᠰᠬᠠᠢ ᠮᠡᠷᠭᠡᠵᠢᠯᠲᠡᠨ ᠪᠠ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ | ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠵᠢᠴᠢ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠡᠯ᠎ᠡ ᠬᠤᠶᠠᠳᠤᠭᠠᠷ ᠳᠡᠰ ᠤᠨ ᠨᠢᠭᠡᠴᠡ ᠪᠠ | ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠪᠠ᠃ ᠬᠤᠷᠠᠯ ᠳᠡᠭᠡᠷ᠎ᠡ | ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠨᠢ ᠪᠠᠶᠢᠭᠤᠯᠭ᠎ᠠ ᠨᠢᠭᠡᠴᠡ ᠶᠢᠨ ᠨᠠᠶᠢᠷᠠᠭᠤᠯᠤᠨ | ᠵᠣᠬᠢᠶᠠᠭᠰᠠᠨ ᠲᠥᠯᠦᠪᠵᠢᠭᠦᠯᠭᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠢ | ᠮᠡᠷᠭᠡᠵᠢᠯᠲᠡᠨ ᠠᠴᠠ ᠲᠥᠯᠦᠪᠵᠢᠭᠦᠯᠭᠡ ᠶᠢᠨ ᠠᠭᠤᠯᠭ᠎ᠠ ᠶᠢᠨ ᠲᠤᠬᠠᠢ ᠠᠰᠠᠭᠤᠯᠲᠠ ᠳᠤᠷᠠᠳᠴᠤ᠂ ᠬᠢᠨᠠᠨ | ᠲᠣᠭᠲᠠᠭᠠᠬᠤ ᠳᠤᠭᠤᠶᠢᠯᠠᠩ ᠤᠨ ᠬᠢᠨ ᠭᠦᠢᠴᠡᠳ ᠶᠠᠷᠢᠯᠴᠠᠬᠤ ᠪᠠᠷ ᠳᠡᠮᠵᠢᠨ ᠬᠢᠨᠠᠨ ᠲᠣᠭᠲᠠᠭᠠᠭᠰᠠᠨ ᠰᠠᠨᠠᠯ ᠪᠠ | ᠳ᠋ᠦᠩᠨᠡᠯᠲᠡ ᠶᠢ ᠭᠠᠷᠭᠠᠪᠠ᠃ | ᠲᠠᠷᠠᠭᠠᠴᠢ ᠶᠢᠨ ᠠᠯᠬᠤᠮ ᠳᠤ ᠬᠤᠰᠢᠭᠤ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠷᠠᠯ ᠳᠤ ᠣᠷᠣᠯᠴᠠᠭᠰᠠᠨ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠵᠦᠢ ᠵᠣᠬᠢᠰᠲᠠᠢ ᠰᠠᠨᠠᠯ ᠰᠠᠨᠠᠭᠤᠯᠭ᠎ᠠ ᠶᠢ | ᠦᠨᠳᠦᠰᠦᠯᠡᠨ᠂ ᠲᠥᠯᠦᠪᠵᠢᠭᠦᠯᠭᠡ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠨᠠᠩ ᠰᠢᠨᠵᠢᠯᠡᠬᠦ | ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠨ᠎ᠠ᠃ ᠬᠤᠶᠢᠰᠢᠳᠠ ᠶᠢᠨ ᠠᠵᠢᠯ ᠤᠨ | ᠳᠤᠮᠳᠠ ᠠᠳᠤᠭᠤᠨ ᠤ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠠᠳᠤᠭᠤᠨ ᠤ ᠠᠵᠤ ᠦᠢᠯᠡᠰ᠂ ᠠᠳᠤᠭᠤᠨ ᠤ ᠰᠣᠶᠣᠯ ᠵᠢᠭᠤᠯᠴᠢᠯᠠᠯ᠂ ᠠᠳᠤᠭᠤᠨ ᠤ ᠪᠦᠲᠦᠭᠡᠭᠳᠡᠬᠦᠨ ᠢ | ᠪᠣᠯᠪᠠᠰᠤᠷᠠᠭᠤᠯᠬᠤ ᠠᠴᠠ ᠠᠳᠤᠭᠤᠨ ᠤ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠤᠨ ᠬᠥᠭᠵᠢᠭᠦᠯᠬᠦ | ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠳᠤᠭᠤᠨ ᠤ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠪᠥᠬᠦ ᠬᠤᠰᠢᠭᠤᠨ ᠤ ᠠᠳᠤᠭᠤᠨ ᠤ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ |