ᠪᠠᠷᠠᠭᠤᠨ ᠦᠵᠦᠮᠦᠴᠢᠨ ᠬᠤᠰᠢᠭᠤ 2024 ᠣᠨ ᠤ ᠠᠩᠬᠠᠳᠤᠭᠠᠷ ᠬᠤᠭᠤᠴᠠᠭᠠᠨ ᠤ ᠦᠨᠳᠦᠰᠦᠲᠡᠨ ᠤ ᠬᠤᠪᠴᠠᠰᠤ ᠪᠠ ᠵᠠᠰᠠᠯ ᠵᠢᠮᠰᠡᠭ ᠦᠢᠯᠡᠳᠬᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/4/3
      ᠠᠵᠢᠯ ᠣᠯᠵᠤ ᠦᠢᠯᠡᠰ ᠴᠣᠭᠴᠠᠯᠠᠬᠤ ᠡᠮᠡᠭᠲᠡᠶᠢᠴᠦᠳ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠶᠢᠨ ᠳᠦᠯᠦᠭᠡ᠂ 3 ᠰᠠᠷ᠎ᠠ ᠶᠢᠨ 26 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ 7 ᠡᠳᠦᠷ ᠤᠨ ᠬᠤᠭᠤᠴᠠᠭ᠎ᠠ ᠲᠠᠢ ᠦᠨᠳᠦᠰᠦᠲᠡᠨ ᠤ ᠬᠤᠪᠴᠠᠰᠤ ᠬᠤᠨᠠᠷ ᠪᠠ ᠵᠠᠰᠠᠯ ᠵᠢᠮᠰᠡᠭ ᠦᠢᠯᠡᠳᠬᠦ ᠪᠣᠯᠪᠠᠰᠤᠷᠠᠯ ᠤᠨ ᠠᠩᠭᠢ ᠡᠷᠭᠢᠯᠡᠵᠦ᠂ ᠮᠠᠯᠵᠢᠬᠤ ᠣᠷᠣᠨ ᠠᠴᠠ ᠬᠤᠲᠠ ᠤᠷᠤᠵᠦ ᠠᠵᠢᠯ ᠬᠢᠵᠦ ᠪᠠᠶᠢᠭ᠎ᠠ 34 ᠡᠮᠡᠭᠲᠡᠶᠢᠴᠦᠳ ᠢ ᠣᠷᠣᠯᠴᠠᠭᠤᠯᠵᠠᠢ᠃
     ᠲᠣᠰ ᠤᠳᠠᠭᠠᠨ ᠤ ᠪᠣᠯᠪᠠᠰᠤᠷᠠᠯ ᠢ ᠲᠧᠩ ᠵᠢᠶᠦ᠋ᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠠᠴᠠ ᠳᠠᠭᠠᠭᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠤᠪᠴᠠᠰᠤ ᠵᠠᠰᠠᠯ ᠤᠨ ᠪᠤᠳᠠᠰ ᠤᠨ ᠪᠤᠰᠤ ᠰᠤᠶᠤᠯ ᠤᠨ ᠥᠪ ᠤᠨ ᠵᠠᠯᠭᠠᠮᠵᠢᠯᠠᠭᠴᠢ ᠰᠤᠶᠤᠯᠴᠡᠴᠡᠭ ᠪᠠᠭᠰᠢ ᠶᠢ ᠤᠷᠢᠵᠤ ᠬᠢᠴᠢᠶᠡᠯ ᠣᠷᠣᠭᠤᠯᠪᠠ᠃ ᠪᠣᠯᠪᠠᠰᠤᠷᠠᠯ ᠳᠤ ᠭᠤᠣᠯᠳᠠᠭᠤ ᠪᠣᠳᠠᠲᠠᠢ ᠪᠣᠯᠪᠠᠰᠤᠷᠠᠯ ᠢᠶᠠᠷ ᠭᠤᠣᠯ ᠪᠣᠯᠭᠠᠵᠤ᠂ ᠦᠨᠳᠦᠰᠦᠲᠡᠨ ᠤ ᠬᠤᠪᠴᠠᠰᠤ ᠣᠶᠣᠬᠤ ᠶᠠᠪᠤᠴᠠ ᠳᠤ ᠪᠥᠰ ᠪᠠᠷᠠᠭ᠎ᠠ᠂ ᠬᠤᠪᠴᠠᠰᠤ ᠬᠤᠨᠠᠷ ᠵᠢᠷᠤᠵᠤ ᠲᠥᠯᠥᠪᠯᠡᠬᠦ᠂ ᠡᠰᠬᠡᠵᠦ ᠦᠢᠯᠡᠳᠬᠦ᠂ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠵᠡᠷᠭᠡ ᠬᠡᠷᠡᠭᠯᠡᠭᠡᠨ ᠤ ᠤᠷ᠎ᠠ ᠴᠢᠳᠠᠪᠤᠷᠢ ᠶᠢᠨ ᠲᠠᠯ᠎ᠠ ᠪᠠᠷ ᠬᠢᠴᠢᠶᠡᠯ ᠤᠷᠤᠪᠠ᠃ ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠰᠣᠷᠣᠭᠴᠢ ᠨᠢᠭᠡᠪᠦᠷᠢ 2 ︱ 3 ᠵᠠᠬ᠎ᠠ ᠦᠨᠳᠦᠰᠦᠲᠡᠨ ᠤ ᠬᠤᠪᠴᠠᠰᠤ ᠬᠤᠨᠠᠷ ᠵᠢᠷᠤᠵᠤ ᠲᠥᠯᠥᠪᠯᠡᠨ᠂ ᠪᠠᠭᠰᠢ ᠨᠢ ᠥᠪᠡᠷ ᠤᠨ ᠪᠡᠶ᠎ᠡ ᠪᠠᠷ   ᠢᠶᠠᠨ ᠪᠦᠲᠦᠭᠡᠯ   ᠢ ᠵᠣᠬᠢᠶᠠᠨ ᠪᠦᠲᠦᠭᠡᠬᠦ   ᠶᠢ ᠵᠢᠯᠣᠭᠤᠳᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号