︽ᠳᠤᠮᠳᠠᠳᠤ ᠶᠢᠨ ᠬᠦᠰᠡᠯ᠂ ᠬᠥᠳᠡᠯᠮᠦᠷᠢ ᠰᠠᠶᠢᠬᠠᠨ︾ ᠪᠠᠷᠠᠭᠤᠨ ᠦᠵᠦᠮᠦᠴᠢᠨ ᠬᠤᠰᠢᠭᠤ ︽5·1 ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠡᠭᠯᠡᠬᠦ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/4/30
     ︽5·1︾ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢᠷᠡᠬᠦ ᠳᠠᠰᠢᠷᠠᠮ ᠢᠶᠠᠷ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠦᠷ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠲᠠᠨ ᠤ ᠶᠡᠷᠥᠩᠬᠡᠢ ᠡᠪᠯᠡᠯ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ ᠶᠢ ᠤᠷᠢᠵᠦ᠂ ᠪᠠᠷᠠᠭᠤᠨ ᠦᠵᠦᠮᠦᠴᠢᠨ ᠬᠤᠰᠢᠭᠤᠨ ᠤ ᠬᠤᠷᠠᠯ ᠦᠵᠡᠰᠭᠦᠯᠡᠩ ᠤᠨ ᠲᠥᠪ ᠲᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠤ ᠰᠠᠭᠤᠳᠠᠯ ᠤᠨ ᠬᠤᠷᠠᠯ ᠬᠢᠪᠡ᠃     ᠬᠤᠷᠠᠯ ᠳᠡᠭᠡᠷ᠎ᠡ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠳᠡᠳ᠋ ᠡᠷᠬᠢᠯᠡᠭᠴᠢ᠂ ᠬᠤᠰᠢᠭᠤᠨ ᠤ ᠠᠵᠢᠯᠲᠠᠨ ᠤ ᠶᠡᠷᠥᠩᠬᠡᠢ ᠡᠪᠯᠡᠯ ᠤᠨ ᠲᠡᠷᠢᠭᠦᠯᠡᠭᠴᠢ ᠰᠠᠷᠡᠨᠲᠦᠶᠠᠭ᠎ᠠ ᠪᠠᠷᠠᠭᠤᠨ ᠦᠵᠦᠮᠦᠴᠢᠨ ᠬᠤᠰᠢᠭᠤᠨ ᠤ ᠠᠵᠢᠯᠲᠠᠨ ᠤ ᠶᠡᠷᠥᠩᠬᠡᠢ ᠡᠪᠯᠡᠯ ᠢ ᠲᠥᠯᠥᠭᠡᠯᠡᠨ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠵᠢᠴᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠤ ᠪᠠᠶᠠᠷ ᠤᠨ ᠡᠳᠤᠷ ᠤᠨ ᠮᠡᠨᠳᠦᠴᠢᠯᠡᠯ ᠬᠦᠷᠭᠡᠬᠦ  ᠶᠢᠨ ᠳᠠᠭᠠᠤ᠂ ᠠᠵᠢᠯᠴᠢᠨ ᠠᠩᠭᠢ ᠶᠢᠨ ᠲᠡᠷᠢᠭᠦᠨ ᠤ ᠴᠢᠨᠠᠷ ᠢ ᠡᠭᠦᠷᠢᠳᠡ ᠪᠠᠲᠤᠯᠠᠵᠤ᠂ ᠢᠲᠡᠭᠡᠯ ᠵᠣᠷᠢᠭ ᠢᠶᠠᠨ ᠬᠥᠪᠴᠢᠯᠡᠬᠦ ᠳᠤᠮᠳᠠ ᠰᠢᠨ᠎ᠡ ᠪᠠᠶᠢᠳᠠᠯ ᠵᠦᠭ ᠳᠡᠭᠡᠭᠰᠢᠯᠡᠬᠦ ᠬᠡᠷᠡᠭᠲᠡᠢ᠃ ᠬᠤᠶᠠᠷ ᠲᠤ᠂ ᠥᠭᠡᠷᠡᠴᠢᠯᠡᠯᠲᠡ ᠬᠥᠭᠵᠢᠯᠲᠡ  ᠶᠢᠨ ᠭᠤᠥᠯ ᠬᠦᠴᠦᠨ ᠢ ᠰᠠᠶᠢᠨ ᠪᠤᠯᠭᠠᠵᠤ᠂ ᠬᠥᠨᠳᠦ ᠡᠭᠦᠷᠭᠡ ᠶᠢ ᠵᠤᠷᠢᠭᠲᠠᠢ ᠪᠠᠷ ᠡᠭᠦᠷᠭᠡᠯᠡᠬᠦ ᠳᠤᠮᠳᠠ ᠰᠢᠨ᠎ᠡ ᠠᠮᠵᠢᠯᠲᠠ ᠪᠥᠲᠥᠮᠵᠢ ᠭᠠᠷᠭᠠᠬᠤ ᠬᠡᠷᠡᠭᠲᠡᠢ᠃ ᠭᠤᠷᠪᠠ ᠳᠤ᠂ ᠠᠵᠢᠯ ᠬᠢᠵᠦ ᠠᠳᠠᠯ ᠦᠢᠯᠡᠰ ᠪᠤᠰᠬᠠᠬᠤ ᠵᠢᠩᠬᠢᠨᠢ ᠴᠢᠳᠠᠪᠤᠷᠢ ᠪᠠᠨ ᠪᠤᠯᠪᠠᠰᠤᠷᠠᠭᠤᠯᠤᠨ᠂ ᠴᠢᠳᠠᠪᠤᠷᠢ ᠪᠠᠨ ᠳᠡᠭᠡᠭᠰᠢᠯᠡᠭᠦᠯᠬᠦ ᠶᠠᠪᠤᠴᠠ ᠳᠤ ᠰᠢᠨ᠎ᠡ ᠬᠡᠪ ᠨᠠᠮᠪᠠ ᠶᠢ ᠢᠯᠡᠷᠡᠭᠦᠯᠬᠦ ᠬᠡᠷᠡᠭᠲᠡᠢ ᠭᠡᠵᠠᠢ᠃      ᠳᠠᠷᠠᠭ᠎ᠠ ᠳᠤ ᠨᠢ᠂ ᠠᠶᠢᠮᠠᠭ ᠤᠨ ᠳᠡᠰ ᠤᠨ ᠬᠥᠳᠡᠯᠮᠦᠷᠢ ᠶᠢᠨ ᠵᠢᠱᠢᠶᠡᠴᠢ ᠰᠥᠩ ᡁᠢ ᠬᠤ᠋᠂ ᠪᠤᠶᠠᠨᠬᠡᠰᠢᠭ᠂ ᠠᠶᠢᠮᠠᠭ ᠤᠨ ᠳᠡᠰ ᠤᠨ ᠲᠡᠷᠢᠭᠦᠨ ᠤ ᠠᠵᠢᠯᠲᠠᠨ ᠠᠷᠢᠭᠤᠨᠭᠤᠸ᠎ᠠ᠂ ᠪᠠᠢ ᠰᠢᠶᠤᠤ ᠬᠤᠸᠠ᠂ ᠬᠤᠰᠢᠭᠤ ᠳᠡᠰ ᠤᠨ ᠬᠥᠳᠡᠯᠮᠦᠷᠢ ᠶᠢᠨ ᠵᠢᠱᠢᠶᠡᠴᠢ ᠯᠢ ᠵᠧᠨ ᠰᠢᠶᠠᠩ᠂ ᠵᠢᠮᠢᠰᠣᠩᠭ᠎ᠠ᠂ ᠭᠤᠣ ᠱᠤ᠋ ᠬᠦᠢ᠂ ᠬᠤᠰᠢᠭᠤ ᠳᠡᠰ ᠤᠨ ᠲᠡᠷᠢᠭᠦᠨ ᠤ ᠠᠵᠢᠯᠲᠠᠨ ᠳᠠᠶᠢᠴᠢᠨ᠂ ᠡᠷᠢᠬᠡ ᠲᠡᠳᠡᠨ ᠥᠪᠡᠷ ᠤᠨ ᠠᠵᠢᠯ ᠤᠨ ᠳᠤᠮᠳᠠᠬᠢ ᠲᠡᠮᠡᠴᠡᠯ ᠤᠨ ᠥᠩᠭᠡᠷᠡᠯᠲᠡ ᠪᠠᠨ ᠶᠡᠷᠢᠵᠦ᠂ ᠲᠡᠳᠡ ᠬᠡᠳᠦᠶᠢᠪᠡᠷ ᠠᠳᠠᠯᠢ ᠪᠣᠰᠤ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠪᠤᠯᠪᠠᠴᠤ ᠪᠦᠷ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠬᠥᠳᠡᠯᠮᠦᠷᠢ ᠶᠢᠨ ᠮᠠᠭᠲᠠᠭᠠᠯ ᠳᠠᠭᠤᠤ ᠶᠢ   ᠪᠢᠴᠢᠭᠯᠡᠵᠦ᠂ ᠥᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠠᠵᠢᠯ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠵᠤᠷᠢᠭᠲᠠᠢ ᠪᠠᠷ ᠰᠢᠨ᠎ᠡ ᠶᠢ ᠡᠭᠦᠳᠴᠦ᠂ ᠨᠡᠷ᠎ᠡ ᠠᠰᠢᠭ ᠢ ᠥᠯᠥ ᠬᠥᠭᠡᠭᠡᠴᠡᠯᠳᠦᠬᠦ᠂  ᠲᠤᠷᠠᠲᠠᠶᠢᠶ᠎ᠠ ᠨᠡᠮᠡᠷᠢ ᠬᠠᠨᠳᠢᠪ ᠡᠷᠭᠦᠬᠦ ᠠᠭᠤᠤ ᠶᠡᠭᠡ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠥᠲᠥᠭᠡᠵᠦ᠂ ᠪᠠᠷᠠᠭᠤᠨ ᠦᠵᠦᠮᠦᠴᠢᠨ ᠬᠤᠰᠢᠭᠤᠨ ᠤ ᠴᠠᠭ ᠦᠶ᠎ᠡ ᠶᠢᠨ ᠳᠦᠷᠢ ᠳᠦᠷᠬᠦ ᠶᠢ ᠭᠦᠢᠴᠡᠳ ᠢᠯᠡᠷᠡᠭᠦᠯᠵᠦ᠂ ᠨᠡᠶᠢᠭᠡᠮ ᠵᠢᠷᠤᠮ ᠤᠨ ᠭᠤᠤᠯᠯᠭᠴᠢ ᠥᠷᠲᠡᠭ ᠤᠨ ᠦᠵᠡᠯᠲᠡ ᠶᠢᠨ ᠤᠶᠤᠨ ᠰᠠᠨᠠᠭᠠᠨ ᠤ ᠬᠦᠴᠦᠨ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃     ᠬᠠᠮᠤᠭ ᠰᠡᠭᠦᠯ ᠳᠤ᠂ ᠬᠤᠷᠠᠯ ᠬᠥᠷ ᠨᠠᠷᠭᠢᠶᠠᠨ ᠤ ᠳᠤᠮᠳᠠ ᠠᠮᠵᠢᠯᠲᠠ ᠲᠠᠢ ᠲᠡᠭᠦᠰᠴᠦ᠂ ᠬᠤᠶᠢᠰᠢᠳᠠ ᠶᠢᠨ ᠠᠵᠢᠯ ᠤᠨ ᠳᠤᠮᠳᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠲᠠᠨ ᠤ ᠶᠡᠷᠥᠩᠬᠡᠢ ᠡᠪᠯᠡᠯ ᠬᠥᠳᠡᠯᠮᠦᠷᠢ ᠶᠢᠨ ᠵᠢᠱᠢᠶᠡᠴᠢ ᠪᠣᠯᠣᠨ ᠰᠢᠯᠢᠳᠡᠭ ᠠᠵᠢᠯᠲᠠᠨ ᠢ ᠬᠠᠯᠠᠮᠵᠢᠯᠠᠵᠤ ᠬᠠᠶᠢᠷᠠᠯᠠᠬᠤ ᠶᠢ ᠴᠢᠩᠭᠠᠳᠬᠠᠬᠤ ᠶᠢᠨ ᠬᠠᠮᠲᠦ᠂ ᠥᠷᠭᠡᠨ ᠤᠯᠠᠨ ᠠᠵᠢᠯᠲᠠᠨ ᠢ ᠳᠠᠶᠢᠴᠢᠯᠠᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠪᠣᠯᠣᠨ ᠬᠥᠳᠡᠯᠮᠦᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠠᠵᠢᠯᠴᠢᠨ ᠠᠩᠭᠢ ᠪᠠ ᠥᠷᠭᠡᠨ ᠤᠯᠠᠨ ᠬᠥᠳᠡᠯᠮᠦᠷᠢᠴᠢᠨ ᠲᠥᠮᠡᠨ ᠤ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠢᠯᠬᠠᠮ᠎ᠠ ᠬᠠᠯᠠᠭᠤᠨ ᠰᠡᠳᠬᠢᠯᠭᠡ᠂ ᠨᠡᠩ ᠪᠤᠳᠠᠲᠠᠢ ᠠᠵᠢᠯ ᠬᠢᠬᠦ ᠰᠤᠷᠲᠠᠯ ᠢᠶᠠᠷ ᠯᠠᠪᠳᠠᠭᠤᠨ ᠪᠠᠲᠤᠲᠠᠢ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠪᠤᠯᠤᠨ᠎ᠠ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号