ᠪᠠᠷᠠᠭᠤᠨ ᠦᠵᠦᠮᠦᠴᠢᠨ ᠬᠤᠰᠢᠭᠤ ᠪᠣᠳᠠᠰ ᠤᠨ ᠪᠣᠰᠤ ᠰᠤᠶᠤᠯ ᠤᠨ ᠥᠪ ᠢ ᠦᠪᠯᠡᠨ ᠤᠯᠠᠮᠵᠢᠯᠠᠬᠤ ᠠᠵᠢᠯ  ᠢ ᠡᠷᠴᠢᠮᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/30
     ᠪᠠᠷᠠᠭᠤᠨ ᠦᠵᠦᠮᠦᠴᠢᠨ ᠬᠤᠰᠢᠭᠤ ᠨᠢ ᠪᠣᠳᠠᠰ ᠤᠨ ᠪᠣᠰᠤ ᠰᠤᠶᠤᠯ ᠤᠨ ᠥᠪ ᠢ ᠰᠢᠰᠲ᠋ᠧᠮᠵᠢᠭᠦᠯᠦᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠷᠠᠳ ᠲᠥᠮᠡᠨ ᠤ ᠡᠳᠤᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠰᠠᠨᠠᠭ᠎ᠠ ᠰᠤᠶᠤᠯ ᠤᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠰᠤᠶᠤᠯ ᠤᠨ ᠲᠠᠯ᠎ᠠ ᠪᠠᠷ ᠥᠪᠡᠷ ᠢ ᠪᠠᠨ ᠢᠲᠡᠭᠡᠬᠦ ᠥᠪᠡᠷᠲᠡᠭᠡᠨ ᠬᠥᠴᠥᠷᠬᠡᠭᠵᠢᠬᠦ ᠶᠢ ᠠᠬᠢᠭᠤᠯᠤᠨ᠎ᠠ᠃      ᠬᠥᠮᠥᠵᠢᠯᠲᠦ ᠪᠤᠯ ᠤᠷᠤᠨ ᠤ ᠳᠡᠰ ᠤᠨ ᠪᠤᠳᠠᠰ ᠤᠨ ᠪᠣᠰᠤ ᠰᠤᠶᠤᠯ ᠤᠨ ᠥᠪ ᠤᠨ ᠮᠤᠩᠭᠤᠯ ᠰᠢᠲᠠᠷ᠎ᠠ ᠶᠢᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠲᠡᠭᠦᠨ ᠤ ᠬᠠᠮᠤᠭ ᠤᠨ ᠶᠡᠭᠡ ᠳᠤᠷ᠎ᠠ ᠪᠠᠬ᠎ᠠ ᠪᠣᠯ ᠮᠤᠩᠭᠤᠯ ᠰᠢᠲᠠᠷ᠎ᠠ ᠲᠠᠯᠪᠢᠬᠤ ᠶᠠᠪᠤᠳᠠᠯ ᠪᠣᠯᠣᠨ᠎ᠠ᠂ ᠬᠠᠷᠠᠬᠠᠨ ᠪᠠᠭ᠎ᠠ ᠠᠴᠠ ᠪᠠᠨ ᠮᠤᠩᠭᠤᠯ ᠰᠢᠲᠠᠷ᠎ᠠ ᠳᠤ ᠪᠠᠭ᠋ᠠᠲᠠᠢ ᠪᠠᠶᠢᠵᠦ᠂ ᠮᠤᠩᠭᠤᠯ ᠰᠢᠲᠠᠷ᠎ᠠ ᠶᠢᠨ ᠰᠤᠳᠤᠯᠭᠠᠨ ᠬᠢᠵᠦ᠂ ᠬᠤᠰᠢᠭᠤ᠂ ᠠᠶᠢᠮᠠᠭ᠂ ᠤᠷᠤᠨ ᠤ ᠳᠠᠰ ᠴᠢᠨᠠᠭᠰᠢᠯᠠᠪᠠᠯ ᠤᠯᠤᠰ ᠤᠨ ᠳᠡᠰ ᠤᠨ ᠲᠣᠮᠣ ᠬᠡᠯᠪᠡᠷᠢ ᠶᠢᠨ ᠤᠷᠤᠯᠳᠤᠭᠠᠨ ᠳᠤ ᠤᠯᠠᠨ ᠤᠳᠠᠭ᠎ᠠ ᠰᠢᠯᠢᠳᠡᠭ ᠬᠢᠷᠢ ᠪᠥᠲᠥᠮᠵᠢ ᠤᠯᠤᠭᠰᠠᠨ    ᠪᠠᠶᠢᠨ᠎ᠠ᠃ ᠤᠳᠤᠬᠠᠨ ᠳᠤ ᠬᠥᠮᠥᠵᠢᠯᠲᠦ ᠮᠤᠩᠭᠤᠯ ᠰᠢᠲᠠᠷ᠎ᠠ ᠶᠢᠨ ᠳᠤᠷ᠎ᠠ ᠪᠠᠬ᠎ᠠ ᠶᠢᠨ ᠠᠩᠭᠢ ᠪᠠᠶᠢᠭᠤᠯᠵᠤ᠂ ᠠᠵᠢᠯ  ᠤᠨ ᠴᠢᠯᠦᠭᠡᠨ ᠤ ᠴᠠᠭ ᠢᠶᠠᠨ ᠠᠰᠢᠭᠯᠠᠨ ᠵᠠᠯᠠᠭᠤᠴᠤᠳ ᠪᠣᠯᠣᠨ ᠮᠤᠩᠭᠤᠯ ᠰᠢᠲᠠᠷ᠎ᠠ ᠶᠢᠨ ᠪᠠᠭ᠋ᠠᠲᠠᠳ ᠲᠤ ᠭᠢᠴᠢᠶᠡᠯ ᠤᠷᠤᠵᠤ᠂ ᠬᠥᠮᠥᠰ ᠤᠨ ᠠᠵᠢᠯ ᠤᠨ ᠴᠢᠯᠦᠭᠡᠨ ᠤ ᠠᠮᠢᠳᠤᠷᠠᠯ ᠢ  ᠪᠠᠶᠠᠵᠢᠭᠵᠢᠭᠤᠯᠬᠤ ᠪᠠᠷ ᠪᠠᠷᠠᠬᠤ ᠦᠬᠡᠢ᠂ ᠮᠣᠩᠭᠤᠯ ᠰᠢᠲᠠᠷ᠎ᠠ ᠶᠢᠨ ᠪᠠᠭ᠋ᠠᠲᠠᠳ ᠲᠤ ᠮᠠᠰᠢ ᠰᠠᠶᠢᠨ ᠰᠤᠷᠤᠯᠴᠠᠯᠭ᠎ᠠ ᠶᠢᠨ ᠳᠠᠪᠴᠠᠩ ᠬᠠᠩᠭᠠᠭᠰᠠᠨ ᠪᠠᠶᠢᠨ᠎ᠠ᠃      ᠪᠤᠳᠠᠰ ᠤᠨ ᠪᠤᠰᠤ ᠰᠤᠶᠤᠯ ᠤᠨ ᠥᠪ ᠪᠣᠯ ᠳᠤᠮᠳᠠᠳᠤ ᠶᠢᠨ ᠰᠤᠶᠤᠯ ᠤᠨ ᠦᠨᠡᠲᠦ ᠡᠷᠳᠡᠨᠢ᠂ ᠪᠠᠷᠠᠭᠤᠨ ᠦᠵᠦᠮᠦᠴᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠲᠤᠭ᠎ᠠ ᠬᠡᠮᠵᠢᠶ᠎ᠡ ᠤᠯᠠᠨ᠂ ᠬᠠᠮᠤᠷᠬᠤ ᠬᠡᠪᠴᠢᠶ᠎ᠡ ᠥᠷᠭᠡᠨ᠂ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠨᠡᠭᠡᠭᠡᠨ ᠠᠰᠢᠭᠯᠠᠬᠤ ᠠᠵᠢᠯ ᠢ ᠤᠷᠭᠠᠨᠢᠭ ᠢᠶᠠᠷ ᠤᠶᠠᠯᠳᠤᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠲᠡᠥᠬᠡ ᠰᠤᠶᠤᠯ ᠤᠨ ᠨᠡᠩ ᠤᠯᠠᠨ ᠡᠯᠧᠮᠧᠨ᠋ᠲ ᠢ ᠠᠭᠤᠰᠬᠠᠨ᠂ ᠰᠢᠨ᠎ᠡ ᠠᠭᠤᠯᠤᠭᠳᠠᠬᠤᠨ ᠤᠯᠭᠤᠵᠤ᠂ ᠤᠯᠠᠨ ᠠᠷᠪᠢᠨ ᠪᠤᠳᠠᠰ ᠤᠨ ᠪᠤᠰᠤ ᠰᠤᠶᠤᠯ ᠤᠨ ᠥᠪ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠵᠤ᠂ ᠪᠣᠳᠠᠰ ᠤᠨ ᠪᠣᠰᠤ ᠰᠤᠶᠤᠯ ᠤᠨ ᠥᠪ ᠤᠨ ᠦᠨ᠎ᠡ ᠦᠷᠳᠡᠭ ᠢ ᠨᠡᠮᠡᠭᠳᠡᠬᠦᠯᠵᠦ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤ ᠤᠯᠠᠨ ᠤᠳᠠᠭ᠎ᠠ ᠪᠠᠶᠢᠴᠠᠭᠠᠯᠲᠠ ᠬᠢᠵᠦ᠂ ᠤᠯᠠᠮᠵᠢᠯᠠᠨ ᠵᠠᠯᠭᠠᠮᠵᠢᠯᠠᠭᠴᠢ ᠶᠢ ᠰᠤᠷᠪᠤᠯᠵᠢᠯᠠᠨ ᠶᠠᠪᠤᠵᠤ᠂ ᠰᠡᠭᠦᠳᠡᠷ ᠲᠠᠲᠠᠬᠤ᠂ ᠳᠦᠷᠰᠦ ᠰᠢᠩᠭᠡᠭᠡᠯᠲᠡ ᠠᠪᠬᠤ᠂ ᠳᠠᠩᠰᠠ ᠡᠪᠬᠡᠮᠡᠯ ᠪᠠᠶᠢᠭᠤᠯᠬᠤ ᠵᠡᠷᠭᠡ ᠠᠵᠢᠯ ᠢ ᠬᠢᠵᠦ᠂ ᠪᠤᠳᠠᠰ ᠤᠨ ᠪᠣᠰᠤ ᠰᠤᠶᠤᠯ ᠤᠨ ᠥᠪ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠪᠤᠳᠠᠰ ᠤᠨ ᠪᠤᠰᠤ ᠰᠤᠶᠤᠯ ᠤᠨ ᠥᠪ ᠤᠨ ᠳᠥᠷᠪᠡᠨ ᠱᠠᠲᠤᠨ ᠤ ᠤᠯᠠᠮᠵᠢᠯᠠᠨ ᠵᠠᠯᠭᠠᠮᠵᠢᠯᠠᠬᠤ ᠳᠤᠭᠲᠠᠯᠴᠠᠭ᠎ᠠ ᠶᠢ ᠪᠥᠷᠢᠯᠳᠦᠭᠦᠯᠪᠡ᠃ ᠵᠢᠯ ᠪᠦᠷᠢ 1 ᠠᠴᠠ 2 ᠪᠤᠳᠠᠰ ᠤᠨ ᠪᠤᠰᠤ ᠰᠤᠶᠤᠯ ᠤᠨ ᠥᠪ ᠤᠨ ᠰᠤᠷᠤᠯᠴᠠᠬᠤ ᠭᠠᠵᠠᠷ ᠢ ᠬᠥᠭᠵᠢᠭᠦᠯᠵᠦ᠂ ᠨᠢᠭᠡ ᠪᠥᠯᠥᠭ ᠰᠢᠨ᠎ᠡ ᠪᠤᠳᠠᠰ ᠤᠨ ᠪᠤᠰᠤ ᠰᠤᠶᠤᠯ ᠤᠨ ᠥᠪ  ᠤᠨ ᠤᠯᠠᠮᠵᠢᠯᠠᠨ ᠵᠠᠯᠭᠠᠮᠵᠢᠯᠠᠭᠴᠢ ᠶᠢ ᠬᠥᠮᠦᠵᠢᠭᠦᠯᠵᠦ᠂ ᠰᠤᠷᠭᠠᠭᠤᠯᠢ ᠶᠢᠨ ᠰᠤᠷᠭᠠᠨ ᠬᠥᠮᠥᠵᠢᠯ ᠢ ᠤᠯᠠᠮᠵᠢᠯᠠᠨ ᠵᠠᠯᠭᠠᠮᠵᠢᠯᠠᠬᠤ᠂ ᠠᠷᠠᠳ ᠤᠨ ᠳᠤᠮᠳᠠᠬᠢ ᠤᠯᠠᠮᠵᠢᠯᠠᠨ ᠵᠠᠯᠭᠠᠮᠵᠢᠯᠠᠬᠤ ᠡᠷᠴᠢᠮ ᠢ ᠴᠢᠩᠭᠠᠳᠬᠠᠨ᠂ ᠪᠤᠳᠠᠰ ᠤᠨ ᠪᠤᠰᠤ ᠰᠤᠶᠤᠯ ᠤᠨ ᠥᠪ ᠤᠨ ᠰᠤᠷᠤᠯᠴᠠᠬᠤ ᠭᠠᠵᠠᠷ ᠪᠣᠯᠣᠨ ᠤᠯᠠᠮᠵᠢᠯᠠᠨ ᠵᠠᠯᠭᠠᠮᠵᠢᠯᠠᠭᠴᠢ ᠪᠠᠷ ᠳᠠᠮᠵᠢᠨ ᠬᠠᠮᠠᠭᠠᠯᠠᠯᠲᠠ ᠶᠢᠨ ᠪᠡᠯᠡ ᠮᠥᠩᠭᠦ ᠪᠠᠶᠢᠭᠤᠯᠤᠨ᠂ ᠤᠯᠠᠮᠵᠢᠯᠠᠨ ᠵᠠᠯᠭᠠᠮᠵᠢᠯᠠᠭᠴᠢ ᠶᠢᠨ ᠱᠠᠪᠢ ᠳᠠᠭᠠᠭᠤᠯᠤᠨ ᠡᠷᠳᠡᠮ ᠮᠡᠷᠭᠡᠵᠢᠯ ᠰᠤᠷᠬᠤ ᠶᠢ ᠵᠤᠷᠢᠭᠵᠢᠭᠤᠯᠤᠨ᠂ ᠬᠠᠮᠢᠶ᠎ᠠ ᠪᠥᠬᠦᠢ ᠤᠯᠠᠮᠵᠢᠯᠠᠨ ᠰᠤᠷᠤᠯᠴᠠᠬᠤ ᠠᠵᠢᠯᠯᠠᠭ᠎ᠠ ᠶᠢ ᠡᠷᠬᠢᠯᠡᠨ᠎ᠡ᠃ ᠡᠭᠦᠨ ᠤ ᠬᠠᠮᠲᠦ ᠪᠤᠳᠠᠰ ᠤᠨ ᠪᠤᠰᠤ ᠰᠤᠶᠤᠯ ᠤᠨ ᠥᠪ ᠢ ᠠᠵᠤ ᠦᠢᠯᠡᠰᠵᠢᠭᠦᠯᠬᠦ ᠠᠵᠢᠯ ᠢ ᠴᠢᠩᠭᠠᠳᠬᠠᠨ᠂ ᠠᠷᠠᠳ ᠤᠨ ᠭᠠᠷ ᠤᠷᠠᠯᠠᠯ ᠤᠨ ᠪᠥᠲᠥᠭᠡᠭᠳᠡᠭᠦᠨ ᠢ ᠴᠤᠭᠯᠠᠭᠤᠯᠬᠤ᠂ ᠢᠯᠡᠷᠡᠭᠦᠯᠬᠦ ᠠᠵᠢᠯ ᠢ ᠴᠢᠩᠭᠠᠳᠬᠠᠨ᠂ ᠪᠤᠳᠠᠰ ᠤᠨ ᠪᠤᠰᠤ ᠰᠤᠶᠤᠯ  ᠤᠨ ᠪᠥᠲᠥᠭᠡᠭᠳᠡᠭᠦᠨ ᠢ ᠰᠤᠳᠤᠯᠤᠨ ᠨᠡᠭᠡᠭᠡᠬᠦ᠂ ᠳᠡᠯᠭᠡᠨ ᠦᠵᠡᠭᠦᠯᠬᠦ᠂ ᠪᠤᠷᠤᠭᠤᠯᠠᠬᠤ ᠠᠵᠢᠯ ᠢ ᠰᠠᠶᠢᠲᠦᠷ ᠬᠢᠵᠦ᠂ ᠰᠤᠶᠤᠯ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠠᠶᠢᠨ᠎ᠠ᠃ ᠪᠥᠬᠦ ᠬᠤᠰᠢᠭᠤᠨ ᠤ ᠰᠤᠶᠤᠯ ᠤᠨ ᠠᠵᠤ ᠤᠶᠢᠯᠡᠰ ᠤᠨ ᠬᠥᠭᠵᠢᠯᠲᠡ ᠶᠢ ᠠᠬᠢᠭᠤᠯᠤᠭᠰᠠᠨ ︽ᠪᠤᠳᠠᠰ ᠤᠨ ᠪᠤᠰᠤ ᠰᠤᠶᠤᠯ ᠤᠨ ᠥᠪ +︾ ᠶᠡᠭᠡ ᠠᠵᠢᠯ ᠢ ᠢᠳᠡᠪᠬᠢᠲᠠᠢ ᠰᠠᠶᠢᠲᠤᠷ ᠬᠢᠵᠦ᠂ ᠨᠡᠩ ᠤᠯᠠᠨ ᠰᠤᠶᠤᠯ ᠤᠨ ᠰᠢᠨ᠎ᠡ ᠪᠥᠲᠥᠭᠡᠯ᠂ ᠰᠣᠳᠤᠨ ᠪᠥᠲᠥᠭᠡᠯ ᠢ ᠴᠢᠷᠮᠠᠶᠢᠨ ᠡᠭᠦᠳᠴᠦ᠂ ᠪᠤᠳᠠᠰ ᠤᠨ ᠪᠤᠰᠤ ᠰᠤᠶᠤᠯ ᠤᠨ ᠥᠪ ᠤᠨ ᠦᠵᠡᠮᠵᠢ ᠶᠢᠨ ᠤᠷᠤᠨ᠂ ᠦᠨᠳᠦᠰᠦᠲᠡᠨ ᠤ ᠵᠠᠩ ᠦᠢᠯᠡ᠂ ᠵᠡᠭᠡᠯᠢ ᠲᠤᠭᠤᠷᠢᠭ ᠲᠤ ᠣᠷᠤᠬᠤ ᠶᠢ ᠠᠬᠢᠭᠤᠯᠵᠤ᠂ ᠤᠶᠢᠯᠡᠳᠪᠤᠷᠢ ᠰᠤᠷᠭᠠᠭᠤᠯᠢ ᠰᠤᠳᠤᠯᠭᠠᠨ ᠵᠢᠭᠤᠯᠴᠢᠯᠠᠯ ᠲᠠᠢ ᠬᠠᠷᠢᠯᠴᠠᠨ ᠠᠭᠤᠰᠤᠯᠴᠠᠭᠤᠯᠵᠤ᠂ ᠰᠤᠶᠤᠯ ᠤᠨ ᠥᠪ ᠤᠨ ︽ᠬᠥᠭᠵᠢᠭᠦᠯᠬᠦ︾᠂ ︽ᠭᠠᠷᠴᠤ ᠶᠠᠪᠤᠬᠤ︾ ᠶᠢ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠨᠡᠷ᠎ᠡ ᠠᠯᠳᠠᠷ ᠪᠠ ᠨᠥᠯᠥᠭᠡ ᠳᠤᠰᠬᠠᠯ ᠢ ᠳᠠᠰᠤᠷᠠᠯᠲᠠ ᠦᠭᠡᠢ ᠳᠡᠭᠡᠭᠰᠢᠯᠡᠬᠦᠯᠵᠠᠢ᠃     ᠪᠠᠷᠠᠭᠤᠨ ᠦᠵᠦᠮᠦᠴᠢᠨ ᠬᠤᠰᠢᠭᠤᠨ  ᠤ ᠰᠤᠶᠤᠯ ᠤᠨ  ᠣᠷᠳᠤᠨ ᠤ ᠳᠠᠷᠤᠭ᠎ᠠ  ᠲᠠᠯ᠎ᠠ᠄ ︽ᠤᠳᠤᠬᠠᠨ ᠳᠤ ᠮᠠᠨ ᠤ ᠬᠤᠰᠢᠭᠤ ᠨᠢ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠤᠨ ᠨᠡᠷᠡᠰ ᠲᠤ 3 ᠲᠥᠷᠥᠯ ᠵᠢᠭᠰᠠᠭᠠᠭᠳᠠᠵᠤ᠂ ᠥᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠤᠨ ᠨᠡᠷᠡᠰ ᠲᠤ 14 ᠲᠥᠷᠥᠯ ᠵᠢᠭᠰᠠᠭᠠᠭᠳᠠᠵᠤ᠂ ᠠᠶᠢᠮᠠᠭ ᠤᠨ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠤᠨ ᠨᠡᠷᠡᠰ ᠲᠤ 23 ᠲᠥᠷᠥᠯ ᠵᠢᠭᠰᠠᠭᠠᠭᠳᠠᠵᠤ᠂ ᠬᠤᠰᠢᠭᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠤᠨ ᠨᠡᠷᠡᠰ ᠲᠤ 31 ᠲᠥᠷᠥᠯ ᠵᠢᠭᠰᠠᠭᠠᠭᠳᠠᠵᠤ᠂ ᠥᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠳᠤ ᠤᠷᠤᠭᠰᠠᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ 19 ᠬᠥᠮᠥᠨ᠂ ᠠᠶᠢᠮᠠᠭ ᠤᠨ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠳᠤ ᠤᠷᠤᠭᠰᠠᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ 39 ᠬᠥᠮᠥᠨ᠂ ᠬᠤᠰᠢᠭᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠳᠤ ᠤᠷᠤᠭᠰᠠᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ 117 ᠬᠥᠮᠥᠨ᠃ ᠵᠢᠯ ᠪᠦᠷᠢ ᠲᠤᠮᠤ ᠬᠡᠯᠪᠡᠷᠢ ᠶᠢᠨ ᠪᠤᠳᠠᠰ ᠤᠨ ᠪᠤᠰᠤ ᠰᠤᠶᠤᠯ ᠤᠨ ᠥᠪ ᠤᠨ ᠳᠡᠯᠭᠡᠨ ᠦᠵᠡᠭᠦᠯᠭᠡ ᠶᠢᠨ ᠠᠵᠢᠯᠯᠠᠭ᠎ᠠ ᠶᠢ 3 ᠤᠳᠠᠭ᠎ᠠ  ᠠᠴᠠ ᠳᠡᠭᠡᠭᠰᠢ ᠡᠷᠬᠢᠯᠡᠵᠦ᠂ ᠪᠤᠳᠠᠰ ᠤᠨ ᠪᠤᠰᠤ ᠰᠤᠶᠤᠯ ᠤᠨ ᠥᠪ ᠤᠨ ᠪᠤᠯᠪᠠᠰᠤᠷᠠᠯ ᠢ 3 ᠤᠳᠠᠭ᠎ᠠ ᠠᠴᠠ ᠳᠡᠭᠡᠭᠰᠢ ᠡᠷᠬᠢᠯᠡᠵᠦ᠂ ᠭᠠᠳᠠᠭᠰᠢ ᠭᠠᠷᠴᠤ ᠪᠤᠯᠪᠠᠰᠤᠷᠠᠯ ᠳᠤ ᠤᠷᠤᠯᠴᠠᠬᠤ᠂ ᠦᠵᠡᠭᠦᠯᠭᠡ ᠶᠢᠨ ᠠᠵᠢᠯᠯᠠᠭ᠎ᠠ ᠳᠤ 5 ᠤᠳᠠᠭ᠎ᠠ  ᠠᠴᠠ ᠳᠡᠭᠡᠭᠰᠢ ᠦᠷᠨᠢᠬᠦᠯᠵᠦ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号