ᠦᠰᠦᠭ ᠪᠢᠴᠢᠭ ᠤᠨ ᠲᠠᠶᠢᠯᠤᠮᠵᠢ ᠪᠠᠷᠠᠭᠤᠨ ᠦᠵᠦᠮᠦᠴᠢᠨ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠤᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠲᠠᠶᠢᠯᠤᠮᠵᠢ
ᠨᠡᠶᠢᠲᠡᠯᠡᠭᠰᠡᠨ ᠴᠠᠭ᠄
2024/4/7
    ᠬᠠᠪᠤᠷ ᠤᠨ ᠤᠯᠠᠷᠢᠯ ᠪᠣᠯ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭ᠎ᠠ᠂ ᠮᠥᠨ ᠴᠦ ᠡᠪᠡᠰᠦ ᠪᠡᠯᠴᠢᠭᠡᠷ ᠬᠠᠮᠤᠭ ᠤᠨ ᠬᠡᠪᠡᠷᠡᠭ ᠬᠤᠭᠤᠴᠠᠭ᠎ᠠ ᠪᠣᠯᠣᠨ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 5 ᠤ ᠡᠳᠦᠷ ᠠᠴᠠ ᠡᠬᠢᠯᠡᠨ᠂ ᠪᠠᠷᠠᠭᠤᠨ ᠦᠵᠦᠮᠦᠴᠢᠨ ᠬᠤᠰᠢᠭᠤ 2637.34 ᠲᠦᠮᠡᠨ ᠮᠦ ᠨᠤᠲᠤᠭ ᠪᠡᠯᠴᠢᠭᠡᠷ ᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠤᠷᠤᠭᠤᠯᠪᠠ᠃    ᠰᠤᠷᠪᠤᠯᠵᠢᠯᠠᠭᠴᠢ 4 ᠰᠠᠷ᠎ᠠ ᠶᠢᠨ 3 ᠤ ᠡᠳᠦᠷ  ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ 2024 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠰᠡᠷᠭᠦᠭᠡᠬᠦ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ︽ᠰᠢᠯᠢ ᠶᠢᠨ ᠭᠤᠣᠯ ᠠᠶᠢᠮᠠᠭ ᠤᠨ 2023 ︱ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ᠂ ᠪᠥᠬᠦ ᠬᠤᠰᠢᠭᠤᠨ ᠤ 7 ᠰᠤᠮᠤ ᠪᠠᠯᠭᠠᠰᠤ ᠶᠢᠨ 93 ᠭᠠᠴᠠᠭᠠᠨ ᠤ ᠡᠪᠡᠰᠦ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 2637.34 ᠲᠦᠮᠡᠨ ᠮᠦ ᠪᠡᠯᠴᠢᠭᠡᠷ ᠲᠤ 45 ᠡᠳᠦᠷ ᠤᠨ ᠬᠤᠭᠤᠴᠠᠭ᠎ᠠ ᠲᠠᠢ ︽ᠴᠠᠯᠢᠩ ᠲᠠᠢ ᠠᠮᠠᠷᠠᠯᠲᠠ︾ ᠡᠳ᠋ᠯᠡᠭᠦᠯᠦᠨ᠎ᠡ᠃  ᠦᠬᠡᠷ᠂ ᠬᠤᠨᠢ᠂ ᠢᠮᠠᠭ᠎ᠠ ︵ᠮᠣᠷᠢ᠂ ᠲᠡᠮᠡᠭᠡ ᠪᠡᠯᠴᠢᠭᠡᠷ ᠰᠡᠷᠭᠦᠭᠡᠬᠦ ᠬᠡᠪᠴᠢᠶᠡᠨ ᠳᠤ ᠪᠠᠭᠲᠠᠬᠤ ᠦᠭᠡᠢ︶ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠣᠷᠣᠭᠤᠯᠤᠨ᠎ᠠ᠃     ᠠᠰᠠᠭᠤᠯᠲᠠ᠄ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠨᠥᠬᠦᠪᠦᠷᠢ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︖     ᠬᠠᠷᠢᠭᠤᠯᠲᠠ᠄ ᠪᠡᠯᠴᠢᠭᠡᠷᠯᠡᠬᠦᠯᠬᠦ ᠶᠢ ᠵᠣᠭᠰᠣᠭᠠᠭᠰᠠᠨ ᠮᠠᠯᠵᠢᠬᠤ ᠡᠷᠦᠬᠡ ᠳᠤ ᠪᠡᠯᠴᠢᠭᠡᠷᠯᠡᠬᠦᠯᠬᠦ ᠶᠢ ᠵᠣᠭᠰᠣᠭᠠᠭᠰᠠᠨ ᠲᠠᠯᠠᠪᠠᠶ ᠪᠠᠷ ᠨᠥᠬᠦᠪᠦᠷᠢ ᠣᠯᠭᠤᠨ᠎ᠠ᠂ ᠪᠠᠷᠢᠮᠵᠢᠶ᠎ᠠ ᠨᠢ 1.125 ᠲᠥᠭᠦᠷᠢᠭ\ ᠮᠦ ᠪᠠᠶᠢᠵᠤ᠂ ᠬᠥᠮᠥᠨ ᠳᠤᠮᠳᠠᠴᠢ ᠶᠢᠨ ᠳᠠᠭᠠᠭᠠᠴᠢᠯᠠᠭᠰᠠᠨ ᠪᠡᠯᠴᠢᠭᠡᠷ ᠤᠨ ᠲᠠᠯᠠᠪᠠᠶ ᠨᠢ 300 ᠮᠦ ᠬᠦᠷᠬᠦ ᠦᠭᠡᠢ ᠪᠠᠶᠢᠪᠠᠯ᠂ 300 ᠮᠦ ᠪᠠᠷ ᠪᠤᠳᠤᠵᠦ ᠨᠥᠬᠦᠪᠦᠷᠢ ᠮᠥᠩᠭᠦ ᠣᠯᠭᠤᠨ᠂ ᠬᠡᠷᠡᠭᠰᠡᠬᠦ ᠪᠡᠯᠡ ᠮᠥᠩᠭᠦ ᠶᠢ ᠲᠥᠪ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠠᠴᠠ 2226.19 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠠᠶᠢᠮᠠᠭ ᠤᠨ ᠱᠠᠲᠤᠨ ᠤ ᠪᠡᠯᠡ ᠮᠥᠩᠭᠦ ᠠᠴᠠ 238.79 ᠲᠦᠮᠡᠨ ᠲᠥᠭᠦᠷᠢᠭ ᠢ ᠢᠵᠢ ᠪᠦᠷᠢᠳᠦᠭᠦᠯᠵᠦ᠂ ᠪᠤᠰᠤᠳ ᠪᠡᠯᠡ ᠮᠥᠩᠭᠦ ᠶᠢ  ᠬᠤᠰᠢᠭᠤ ᠲᠣᠰ ᠱᠠᠲᠤᠨ ᠠᠴᠠ ᠪᠦᠷᠢᠳᠦᠭᠦᠯᠦᠨ᠎ᠡ᠃ ᠨᠥᠬᠦᠪᠦᠷᠢ ᠶᠢᠨ ᠪᠡᠯᠡ ᠮᠥᠩᠭᠦ ᠶᠢ ᠮᠠᠯᠵᠢᠬᠤ ᠣᠷᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠭᠠᠴᠠᠭ᠎ᠠ ᠪᠠᠷ ᠨᠢᠭᠡᠴᠢ ᠪᠣᠯᠭᠠᠨ ᠬᠢᠨᠠᠨ ᠬᠠᠷᠭᠤᠭᠤᠯᠵᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ᠂ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠲᠠᠷᠬᠠᠭᠠᠨ᠎ᠠ᠃     ᠠᠰᠠᠭᠤᠯᠲᠠ᠄  ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯ ᠤᠨ ᠤᠤᠭᠤᠬᠤ ᠤᠰᠤ ᠶᠢ ᠬᠡᠷᠬᠢᠨ ᠪᠠᠲᠤᠯᠠᠬᠤ ᠪᠣᠶ︖     ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠣᠬᠢᠬᠤ ᠦᠷ᠎ᠡ ᠪᠦᠲᠦᠮᠵᠢ ᠣᠯᠵᠤ᠂ ᠮᠠᠨ ᠤ ᠬᠤᠰᠢᠭᠤᠨ ᠤ ᠮᠠᠯᠵᠢᠬᠤ ᠣᠷᠣᠨ ᠤ ᠤᠤᠭᠤᠬᠤ ᠤᠰᠤᠨ ᠤ ᠬᠦᠴᠢᠷᠳᠡᠯ ᠪᠠ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠪᠦᠲᠦᠮᠵᠢᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠨᠡ ᠵᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠡᠯ᠎ᠡ ᠰᠤᠮᠤ ︵ᠪᠠᠯᠭᠠᠰᠤ︶ ᠶᠢ ᠬᠠᠮᠵᠢᠨ ᠮᠠᠯ ᠤᠨ ᠠᠵᠢᠯᠯᠠᠭᠠᠨ ᠤ ᠲᠠᠯᠠᠪᠠᠶ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠮᠠᠯ ᠤᠨ ᠠᠵᠢᠯᠯᠠᠭᠠᠨ ᠤ ᠲᠠᠯᠠᠪᠠᠶ ᠳᠤ ᠮᠠᠯ ᠤᠨ ᠤᠤᠭᠤᠬᠤ ᠤᠰᠤᠨ ᠤ ᠬᠤᠳᠳᠤᠭ ᠦᠭᠡᠢ ᠮᠠᠯᠵᠢᠬᠤ ᠡᠷᠦᠬᠡ ᠳᠤ ᠮᠠᠯ ᠤᠨ ᠤᠤᠭᠤᠬᠤ ᠤᠰᠤᠨ ᠤ ᠨᠡᠪᠲᠡᠷᠡᠬᠦ ᠵᠠᠮ ᠢ ᠵᠦᠢ ᠵᠣᠬᠢᠰᠲᠠᠢ ᠭᠠᠷᠭᠠᠬᠤ ᠶᠢᠨ ᠬᠠᠮᠲᠤ᠂ ᠢᠯᠡᠷᠬᠡᠶᠢᠯᠡᠯ ᠤᠨ ᠫᠠᠶᠢᠰᠠᠨ ᠳᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯ ᠤᠨ ᠤᠤᠭᠤᠬᠤ ᠤᠰᠤᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ ᠭᠡᠵᠦ ᠲᠣᠳᠣᠷᠬᠠᠶᠢᠯᠠᠨ᠎ᠠ᠃      ᠦᠨᠥ ᠵᠢᠯ ᠮᠠᠨ ᠤ ᠬᠤᠰᠢᠭᠤ ᠶᠢ ᠥᠪᠡᠷᠲᠡᠭᠡᠨ ᠵᠠᠰᠠᠬᠤ ᠣᠷᠣᠨ ᠠᠴᠠ ᠪᠦᠬᠦ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ  ᠪᠠᠷ ᠲᠣᠭᠲᠠᠭᠠᠭᠰᠠᠨ ᠪᠠᠶᠢᠨ᠎ᠠ᠃ ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤ ᠨᠢ ᠪᠦᠬᠦᠯᠢ ᠴᠣᠭᠴᠠ ᠶᠢᠨ ᠲᠥᠯᠦᠪᠵᠢᠭᠦᠯᠭᠡ ᠪᠠᠷ ᠭᠤᠣᠯᠯᠠᠭᠤᠯᠤᠨ᠂ ᠮᠠᠯ ᠠᠵᠤ ᠠᠬᠤᠢ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠬᠠᠩᠭᠠᠵᠤ᠂ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠨ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠵᠤ᠂ ᠢᠯᠠᠩᠭᠤᠶ᠎ᠠ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠴᠢᠬᠤᠯᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠦᠨᠥ ᠵᠢᠯ ᠠᠴᠠ ᠨᠠᠰᠢ ᠠᠶᠢᠮᠠᠭ ᠤᠨ ᠱᠠᠲᠤᠨ ᠤ ᠮᠢᠬᠠᠨ ᠤ ᠦᠬᠡᠷ᠂ ᠮᠢᠬᠠᠨ ᠤ ᠬᠤᠨᠢ᠂ ᠴᠠᠭᠠᠨ ᠢᠳᠡᠭᠡᠨ ᠤ ᠦᠢᠯᠡᠰ᠂ ᠲᠡᠵᠢᠭᠡᠯ ᠡᠪᠡᠰᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠲᠠᠯ᠎ᠠ ᠪᠠᠷ ᠡᠳᠦᠢ ᠲᠡᠳᠦᠢ ᠲᠦᠷᠦ ᠶᠢᠨ ᠪᠣᠳᠣᠯᠭ᠎ᠠ ᠨᠡᠶᠢᠲᠡᠯᠡᠪᠡ᠃     ᠬᠤᠶᠠᠷ ᠲᠤ᠂ ᠡᠪᠡᠰᠦ ᠪᠣᠷᠳᠤᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠃ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠤᠭᠠᠬᠤ ᠪᠠ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠦᠨᠳᠦᠰᠦᠯᠡᠵᠦ᠂ ᠡᠯ᠎ᠡ ᠰᠤᠮᠤ ᠪᠠᠯᠭᠠᠰᠤᠨ ᠤ ᠪᠣᠳᠠᠲᠠᠢ ᠬᠡᠷᠡᠭᠴᠡᠭᠡ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠣᠪᠴᠢᠶ᠎ᠠ ᠨᠢ 3 ᠰᠠᠷ᠎ᠠ ᠶᠢᠨ 4 ᠤ ᠡᠳᠦᠷ᠂ ᠡᠪᠡᠰᠦ ᠪᠣᠷᠳᠤᠭ᠎ᠠ ᠶᠢ ᠲᠥᠪᠯᠡᠷᠡᠭᠦᠯᠦᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠵᠦ᠂ ᠣᠳᠣᠬᠠᠨ ᠳᠤ 6500 ᠭᠠᠷᠤᠢ ᠲᠣᠨ ᠬᠥᠬᠡ ᠡᠪᠡᠰᠦ᠂ 5000 ᠭᠠᠷᠤᠢ ᠲᠣᠨ ᠬᠥᠬᠡ ᠳᠠᠷᠤᠰᠢ ᠶᠢᠨ ᠡᠷᠳᠡᠨᠢ ᠰᠢᠰᠢ᠂ 50 ᠲᠣᠨ ᠬᠤᠯᠢᠮᠠᠭ ᠪᠤᠷᠳᠤᠭ᠎ᠠ ᠲᠠᠷᠬᠠᠭᠠᠬᠤ ᠶᠢᠨ ᠬᠠᠮᠲᠤ 200 ᠲᠥᠭᠦᠷᠢᠭ\ ᠲᠣᠨ ᠤ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠦᠷᠢ ᠥᠭᠴᠦ᠂ ᠮᠠᠯᠵᠢᠬᠤ ᠡᠷᠦᠬᠡ ᠶᠢᠨ ᠮᠠᠯ ᠲᠡᠵᠢᠭᠡᠪᠦᠷᠢ ᠶᠢᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠨᠠᠮᠳᠠᠭᠤᠯᠵᠤ᠂ ᠪᠡᠯᠴᠢᠭᠡᠷᠯᠡᠬᠦᠯᠬᠦ ᠶᠢ ᠵᠣᠭᠰᠣᠭᠠᠭᠰᠠᠨ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢᠨ ᠪᠦᠲᠦᠮᠵᠢᠲᠡᠶ ᠬᠠᠩᠭᠠᠯᠭ᠎ᠠ ᠶᠢ ᠭᠦᠢᠴᠡᠳ ᠪᠠᠲᠤᠯᠠᠪᠠ᠃ ᠡᠭᠦᠨ ᠤ ᠬᠠᠮᠲᠤ᠂ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠲᠤ ᠣᠲᠣ 4800 ᠭᠠᠷᠤᠢ ᠲᠣᠨ ᠬᠥᠬᠡ ᠬᠠᠭᠤᠷᠠᠢ ᠡᠪᠡᠰᠦ᠂ 4000 ᠭᠠᠷᠤᠢ ᠲᠣᠨ ᠨᠣᠭᠤᠭᠠᠨ ᠳᠠᠷᠤᠰᠢ ᠶᠢᠨ ᠡᠷᠳᠡᠨᠢ ᠰᠢᠰᠢ᠂ 9000 ᠭᠠᠷᠤᠢ ᠲᠣᠨ ᠬᠤᠯᠢᠮᠠᠭ ᠪᠤᠷᠳᠤᠭ᠎ᠠ ᠪᠠᠶᠢᠵᠤ᠂ ᠵᠠᠬ᠎ᠠ ᠳᠡᠯᠭᠡᠭᠦᠷ ᠲᠤ ᠣᠲᠣ ᠪᠠᠶᠢᠭ᠎ᠠ ᠡᠯ᠎ᠡ ᠲᠥᠷᠥᠯ ᠤᠨ ᠪᠣᠷᠳᠤᠭ᠎ᠠ ᠪᠠ ᠮᠠᠯ ᠳᠤ ᠬᠡᠷᠡᠭᠯᠡᠬᠦ ᠡᠩ ᠤᠨ ᠡᠮ ᠤᠨ ᠵᠦᠢᠯ ᠨᠢ ᠥᠷᠭᠡᠨ ᠣᠯᠠᠨ ᠮᠠᠯᠴᠢᠳ ᠤᠨ ᠦᠨᠳᠦᠰᠦᠨ ᠬᠡᠷᠡᠭᠴᠡᠭᠡ ᠶᠢ ᠬᠠᠩᠭᠠᠵᠤ ᠲᠠᠶᠢᠯᠤᠨ᠎ᠠ᠃     ᠭᠤᠷᠪᠠ ᠳᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠠᠯ᠎ᠠ ᠪᠠᠷ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠲᠠᠢ ᠤᠶᠠᠯᠳᠤᠭᠤᠯᠤᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠪᠤᠷ ᠤᠨ ᠤᠯᠠᠷᠢᠯ ᠤᠨ ᠠᠮᠢᠲᠠᠨ ᠳᠤ ᠲᠥᠪᠯᠡᠷᠡᠭᠦᠯᠦᠨ ᠡᠭᠡᠯᠢᠯᠡᠭᠡ ᠶᠢ ᠢᠳᠡᠪᠬᠢᠲᠡᠢ ᠥᠷᠨᠢᠭᠦᠯᠦᠨ᠂ ᠲᠠᠷᠢᠯᠭ᠎ᠠ ᠲᠠᠷᠢᠬᠤ ᠶᠣᠰᠣᠲᠠᠢ ᠮᠠᠯ ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠴᠢᠩᠭᠠᠷᠠᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠢ᠂ ᠡᠮᠬᠢ ᠵᠢᠷᠤᠮ ᠲᠠᠢ ᠪᠠᠷ ᠥᠷᠨᠢᠭᠦᠯᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠵᠦ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号