ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠬᠡᠷᠡᠭᠯᠡᠬᠦ ᠨᠤᠲᠤᠭ ᠪᠡᠯᠴᠢᠭᠡᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/4/7
      ᠨᠢᠭᠡᠳᠦᠭᠡᠷ ᠵᠦᠢᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ ︵ᠳᠣᠷᠣᠭᠰᠢ ᠮᠠᠯ ᠠᠵᠤ ᠠᠬᠤᠢ ᠶᠢᠨ ᠲᠥᠬᠦᠭᠡᠷᠦᠮᠵᠢ ᠳᠤ ᠨᠤᠲᠤᠭ ᠪᠡᠯᠴᠢᠭᠡᠷ ᠢ ᠬᠡᠷᠡᠭᠯᠡᠬᠦ ᠭᠡᠵᠦ ᠲᠣᠪᠴᠢᠯᠠᠨ᠎ᠠ︶ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠢ ᠵᠢᠷᠤᠮᠵᠢᠭᠤᠯᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠨᠤᠲᠤᠭ ᠪᠡᠯᠴᠢᠭᠡᠷ ᠢ ᠪᠤᠰᠤᠳ ᠵᠦᠢᠯ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠲᠤᠬᠠᠢ ᠰᠠᠨᠠᠯ    ᠤᠳ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠪᠠ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ ᠬᠡᠷᠡᠭᠯᠡᠬᠦ ᠨᠤᠲᠤᠭ ᠪᠡᠯᠴᠢᠭᠡᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠪᠠ ᠬᠠᠮᠢᠶᠠᠷᠬᠤ ᠳᠤ ᠬᠡᠷᠡᠭᠯᠡᠨ᠎ᠡ᠃ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠬᠤ ᠭᠡᠳᠡᠭ ᠨᠢ᠄     ︵1︶ ᠡᠪᠡᠰᠦᠨ ᠦᠷ᠎ᠡ ᠪᠠ ᠲᠡᠵᠢᠭᠡᠯ ᠡᠪᠡᠰᠦ ᠪᠣᠷᠳᠤᠭ᠎ᠠ ᠶᠢ ᠦᠢᠯᠡᠳᠪᠦᠷᠢᠯᠡᠬᠦ᠂ ᠬᠠᠳᠠᠭᠠᠯᠠᠬᠤ ᠲᠥᠬᠦᠭᠡᠷᠦᠮᠵᠢ     ︵2︶ ᠮᠠᠯ ᠤᠨ ᠬᠠᠰᠢᠶ᠎ᠠ ᠰᠠᠷᠠᠪᠴᠢ᠂ ᠬᠡᠭᠡᠯᠲᠦᠭᠦᠯᠭᠡ ᠶᠢᠨ ᠭᠠᠵᠠᠷ᠂ ᠨᠣᠣᠰᠣ ᠬᠠᠶᠢᠴᠢᠯᠠᠬᠤ ᠭᠠᠵᠠᠷ᠂ ᠡᠮᠲᠦ ᠤᠬᠢᠶᠠᠯᠭ᠎ᠠ ᠶᠢᠨ ᠭᠠᠵᠠᠷ᠂ ᠬᠥᠮᠥᠨ ᠮᠠᠯ ᠤᠨ ᠤᠤᠭᠤᠬᠤ ᠤᠰᠤᠨ ᠤ ᠲᠥᠬᠦᠭᠡᠷᠦᠮᠵᠢ     ︵3︶ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ     ︵4︶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠤᠰᠤᠯᠠᠯᠲᠠ ᠶᠢᠨ ᠲᠥᠬᠦᠭᠡᠷᠦᠮᠵᠢ     ᠭᠤᠷᠪᠠᠳᠤᠭᠠᠷ ᠵᠦᠢᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠶᠢ ᠪᠠᠶᠢᠭᠤᠯᠬᠤ ᠳᠤ 100 ᠮᠦ ᠠᠴᠠ ᠳᠣᠷᠣᠭᠰᠢ ᠨᠤᠲᠤᠭ ᠪᠡᠯᠴᠢᠭᠡᠷ ᠢ ᠬᠡᠷᠡᠭᠯᠡᠬᠦ ᠳᠤ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠪᠡᠶᠡᠯᠡᠭᠦᠯᠦᠭᠰᠡᠨ ᠤ ᠳᠠᠷᠠᠭ᠎ᠠ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ 100 ᠮᠦ ᠠᠴᠠ ᠳᠡᠭᠡᠭᠰᠢ ᠪᠠᠶᠢᠪᠠᠯ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠩᠬ᠎ᠠ ᠬᠢᠨᠠᠭᠰᠠᠨ ᠤ ᠳᠠᠷᠠᠭ᠎ᠠ ᠳᠡᠭᠡᠭᠰᠢ ᠠᠶᠢᠮᠠᠭ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠦᠨ᠎ᠡ᠃      ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠡᠯ᠎ᠡ ᠰᠤᠮᠤ ᠪᠠᠯᠭᠠᠰᠤ ᠶᠢᠨ ᠨᠤᠲᠤᠭ ᠪᠡᠯᠴᠢᠭᠡᠷ ᠳᠡᠭᠡᠷ᠎ᠡ ᠰᠢᠭᠤᠳ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ ᠨᠤᠲᠤᠭ ᠪᠡᠯᠴᠢᠭᠡᠷ ᠤᠨ ᠬᠡᠷᠡᠭᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠳᠤ ᠲᠤᠬᠠᠶᠢᠯᠠᠭᠰᠠᠨ ᠠᠵᠢᠯ ᠤᠨ    ᠵᠢᠯᠣᠭᠤᠳᠤᠯᠭ᠎ᠠ᠂ ᠬᠢᠨᠠᠯᠲᠠ ᠲᠠᠯᠪᠢᠯᠲᠠ ᠬᠢᠬᠦ ᠶᠢᠨ ᠬᠠᠮᠲᠤ ᠲᠤᠰᠬᠠᠢ ᠰᠡᠳᠦᠪᠲᠦ ᠪᠣᠯᠪᠠᠰᠤᠷᠠᠭᠤᠯᠤᠯ ᠥᠷᠨᠢᠭᠦᠯᠬᠦ ᠶᠢ ᠬᠠᠷᠢᠭᠤᠴᠠᠨ᠎ᠠ᠃      ᠳᠥᠷᠪᠡᠳᠦᠭᠡᠷ ᠵᠦᠢᠯ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠮᠠᠨ ᠤ ᠬᠤᠰᠢᠭᠤᠨ ᠤ ᠬᠥᠮᠥᠨ ᠳᠤᠮᠳᠠᠴᠢ ᠶᠢᠨ ᠪᠡᠯᠴᠢᠭᠡᠷ ᠤᠨ ᠲᠠᠯᠠᠪᠠᠶ ᠪᠠ ᠪᠡᠯᠴᠢᠭᠡᠷ ᠤᠨ ᠪᠠᠭᠲᠠᠭᠠᠮᠵᠢ ᠲᠠᠢ ᠤᠶᠠᠯᠳᠤᠭᠤᠯᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠬᠤ ᠶᠢᠨ ᠲᠤᠰᠠᠳᠠ᠂ ᠮᠠᠯ ᠠᠵᠤ ᠠᠬᠤᠢ ᠶᠢᠨ ᠪᠡᠯᠡᠳᠬᠡᠮᠵᠢ ᠶᠢᠨ ᠬᠡᠷᠡᠭᠯᠡᠬᠦ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠵᠣᠬᠢᠰᠲᠠᠢ ᠬᠢᠵᠠᠭᠠᠷᠯᠠᠬᠤ ᠬᠡᠷᠡᠭᠲᠡᠢ᠃ ᠨᠤᠲᠤᠭ ᠪᠡᠯᠴᠢᠭᠡᠷ ᠢ ᠡᠷᠴᠢᠮᠯᠢᠭ ᠭᠠᠮᠲᠠᠢ ᠬᠡᠷᠡᠭᠯᠡᠬᠦ ᠶᠢᠨ ᠲᠤᠰᠠᠳᠠ᠂ ᠮᠠᠯ ᠠᠵᠤ ᠠᠬᠤᠢ ᠶᠢᠨ ᠪᠡᠯᠡᠳᠬᠡᠮᠵᠢ ᠳᠤ ᠨᠤᠲᠤᠭ ᠪᠡᠯᠴᠢᠭᠡᠷ ᠢ ᠬᠡᠷᠡᠭᠯᠡᠬᠦ ᠳᠤ ︽ᠨᠢᠭᠡ ᠡᠷᠦᠬᠡ ᠳᠤ ᠨᠢᠭᠡ ᠭᠠᠵᠠᠷ︾ ᠢ ᠵᠢᠷᠤᠮᠯᠠᠬᠤ ᠶᠢᠨ ᠬᠠᠮᠲᠤ ᠣᠷᠣᠨ ᠰᠠᠭᠤᠴᠠ ᠶᠢᠨ ᠭᠠᠵᠠᠷ ᠤᠨ ᠣᠶᠢᠷ᠎ᠠ ᠬᠠᠪᠢ ᠳᠤ ᠪᠦᠲᠦᠭᠡᠨ ᠪᠠᠶᠢᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃     ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤ ᠬᠡᠷᠡᠭᠯᠡᠬᠦ ᠨᠤᠲᠤᠭ ᠪᠡᠯᠴᠢᠭᠡᠷ ᠤᠨ ᠲᠠᠯᠠᠪᠠᠶ ᠶᠢ 1500m2 ᠠᠴᠠ ᠬᠡᠲᠦᠷᠡᠭᠦᠯᠵᠦ ᠪᠣᠯᠬᠤ ᠦᠭᠡᠢ᠃ ᠪᠤᠰᠤᠳ ᠮᠠᠯ ᠠᠵᠤ ᠠᠬᠤᠢ ᠶᠢᠨ ᠪᠡᠯᠡᠳᠬᠡᠮᠵᠢ ᠶᠢᠨ ᠬᠡᠷᠡᠭᠯᠡᠬᠦ ᠨᠤᠲᠤᠭ ᠪᠡᠯᠴᠢᠭᠡᠷ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠶᠢ 2000m2 ᠠᠴᠠ ᠬᠡᠲᠦᠷᠡᠭᠦᠯᠵᠦ ᠪᠣᠯᠬᠤ ᠦᠭᠡᠢ᠃ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠤᠷᠰᠢᠶᠠᠵᠢᠯ᠂ ᠠᠵᠤ ᠠᠬᠤᠶᠢᠯᠠᠯ ᠨᠢ ᠮᠠᠯ ᠠᠵᠤ ᠠᠬᠤᠢ ᠶᠢᠨ ᠪᠡᠯᠡᠳᠬᠡᠮᠵᠢ ᠪᠠᠷ ᠨᠤᠲᠤᠭ ᠪᠡᠯᠴᠢᠭᠡᠷ ᠢ ᠬᠡᠷᠡᠭᠯᠡᠬᠦ ᠶᠢ ᠭᠤᠶᠤᠴᠢᠯᠠᠬᠤ ᠳᠤ᠂ ᠨᠤᠲᠤᠭ ᠪᠡᠯᠴᠢᠭᠡᠷ ᠢ ᠭᠠᠮᠨᠠᠨ ᠬᠡᠷᠡᠭᠯᠡᠬᠦ ᠬᠡᠷᠡᠭᠲᠡᠢ᠂ ᠨᠤᠲᠤᠭ ᠪᠡᠯᠴᠢᠭᠡᠷ ᠢ ᠬᠡᠷᠡᠭᠯᠡᠭᠰᠡᠨ ᠲᠠᠯᠠᠪᠠᠶ ᠨᠢ ᠲᠣᠰ ᠲᠣᠭᠲᠠᠭᠠᠯ ᠠᠴᠠ ᠬᠡᠲᠦᠷᠡᠭᠰᠡᠨ ᠪᠠᠶᠢᠪᠠᠯ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠲᠠᠩᠰᠠᠯᠠᠭᠤᠯᠬᠤ ᠪᠢᠴᠢᠭ ᠬᠠᠷ᠎ᠠ ᠶᠢ ᠲᠤᠰᠢᠶᠠᠬᠤ ᠬᠡᠷᠡᠭᠲᠡᠢ᠃     ᠮᠠᠯ ᠠᠵᠤ ᠠᠬᠤᠢ ᠶᠢᠨ ᠲᠥᠬᠦᠭᠡᠷᠦᠮᠵᠢ ᠳᠤ ᠨᠤᠲᠤᠭ ᠪᠡᠯᠴᠢᠭᠡᠷ ᠢ ᠬᠡᠷᠡᠭᠯᠡᠬᠦ ᠳᠡᠭᠡᠨ ᠠᠯᠢ ᠴᠢᠳᠠᠬᠤ ᠪᠠᠷ ᠤᠤᠯ ᠤᠨ ᠪᠠᠶᠢᠭᠰᠠᠨ ᠰᠠᠭᠤᠷᠢ ᠲᠥᠬᠦᠭᠡᠷᠦᠮᠵᠢ ᠳᠤ ᠡᠵᠡᠯᠡᠨ ᠬᠡᠷᠡᠭᠯᠡᠭᠰᠡᠨ ᠭᠠᠵᠠᠷ ᠢ ᠰᠣᠩᠭᠤᠨ ᠲᠠᠬᠢᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠤᠨ᠎ᠠ᠃ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠠᠯᠠᠪᠠᠢ ᠶᠢ ᠲᠤᠰ ᠵᠦᠢᠯ ᠤᠨ ᠲᠣᠭᠲᠠᠭᠠᠯ ᠠᠴᠠ ᠬᠡᠲᠦᠷᠡᠭᠦᠯᠵᠦ ᠪᠣᠯᠬᠤ ᠦᠭᠡᠢ᠃     ᠲᠠᠪᠤᠳᠤᠭᠠᠷ ᠵᠦᠢᠯ  ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄     ︵1︶ ︽ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾     ︵2︶ ᠳᠦᠷᠦᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠨᠤᠲᠤᠭ ᠪᠡᠯᠴᠢᠭᠡᠷ ᠢ ᠬᠡᠷᠡᠭᠯᠡᠭᠰᠡᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ     ︵3︶ ᠭᠠᠵᠠᠷ ᠬᠡᠷᠡᠭᠯᠡᠬᠦ ᠬᠡᠯᠡᠯᠴᠡᠭᠡᠷ     ︵4︶ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠮᠠᠲ᠋ᠧᠷᠢᠶᠠᠯ     ︵5︶ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠣᠷᠣᠨ ᠪᠦᠰᠡ ᠶᠢᠨ ᠪᠠᠶᠢᠷᠢᠰᠢᠯ ᠤᠨ ᠵᠢᠷᠤᠭ     ᠵᠢᠷᠭᠤᠳᠤᠭᠠᠷ ᠵᠦᠢᠯ  ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ ᠳᠡᠭᠡᠨ ᠪᠣᠳᠠᠲᠠᠢ ᠮᠠᠲ᠋ᠧᠷᠢᠶᠠᠯ ᠬᠠᠩᠭᠠᠬᠤ ᠬᠡᠷᠡᠭᠲᠡᠢ᠄     ︵ᠨᠢᠭᠡ︶ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ᠃ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ ᠨᠢᠭᠡᠴᠢ ᠪᠤᠶᠤ ᠬᠤᠪᠢ ᠬᠥᠮᠥᠨ ︽ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾ ᠶᠢ ᠵᠦᠢᠯ ᠳᠠᠷᠠᠭᠠᠯᠠᠨ ᠵᠢᠷᠤᠮᠵᠢᠭᠤᠯᠵᠤ᠂ ᠪᠦᠷᠢᠨ ᠪᠦᠲᠦᠨ ᠢᠶᠠᠷ ᠲᠠᠭᠯᠠᠨ ᠪᠢᠴᠢᠬᠦ ᠬᠡᠷᠡᠭᠲᠡᠢ᠃ ᠬᠤᠯᠪᠣᠭᠳᠠᠯ ᠪᠦᠬᠦᠢ ᠠᠭᠤᠯᠭ᠎ᠠ ᠶᠢ ᠨᠡᠯᠢᠶᠡᠳ ᠣᠯᠠᠨ ᠲᠠᠭᠯᠠᠭᠰᠠᠨ ᠪᠠᠶᠢᠪᠠᠯ᠂ ᠠᠰᠲᠠᠭᠠᠨ ᠨᠢᠭᠤᠷ ᠳᠠᠭᠠᠯᠳᠤᠭᠤᠯᠵᠤ ᠪᠣᠯᠣᠨ᠎ᠠ᠃    ︵ᠬᠤᠶᠠᠷ︶ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠴᠣᠬᠤᠯᠠᠪᠤᠷᠢ ᠬᠠᠷᠢᠭᠤᠯᠲᠠ᠂ ᠬᠠᠷᠭᠤᠭᠤᠯᠤᠨ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠪᠢᠴᠢᠭ ᠮᠠᠲ᠋ᠧᠷᠢᠶᠠᠯ᠃    ︵ᠭᠤᠷᠪᠠ︶ ᠭᠠᠵᠠᠷ ᠬᠡᠷᠡᠭᠯᠡᠬᠦ ᠬᠡᠯᠡᠯᠴᠡᠭᠡᠷ᠃ ᠭᠠᠵᠠᠷ ᠬᠡᠷᠡᠭᠯᠡᠬᠦ ᠨᠢᠭᠡᠴᠢ ᠠᠴᠠ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ ᠶᠢᠨ ᠨᠢᠭᠡᠴᠢ ᠪᠤᠶᠤ ᠬᠡᠷᠡᠭᠯᠡᠬᠦ ᠡᠷᠬᠡ ᠶᠢᠨ ᠨᠢᠭᠡᠴᠢ ᠪᠣᠯᠣᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠲᠠᠢ ᠭᠠᠷ ᠤᠨ ᠦᠰᠦᠭ ᠵᠢᠷᠤᠨ᠎ᠠ᠃ ᠡᠭᠦᠨ ᠳᠤ ᠨᠤᠲᠤᠭ ᠪᠡᠯᠴᠢᠭᠡᠷ ᠢ ᠬᠡᠷᠡᠭᠯᠡᠬᠦ ᠵᠢᠯ ᠬᠤᠭᠤᠴᠠᠭ᠎ᠠ᠂ ᠬᠡᠷᠡᠭᠴᠡᠭᠡ᠂ ᠨᠥᠬᠦᠪᠦᠷᠢ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠱᠠᠭᠠᠷᠳᠠᠯᠭ᠎ᠠ ᠪᠠ ᠴᠠᠭ ᠬᠤᠭᠤᠴᠠᠭ᠎ᠠ᠂ ᠨᠤᠲᠤᠭ ᠪᠡᠯᠴᠢᠭᠡᠷ ᠢ ᠬᠡᠷᠡᠭᠯᠡᠭᠡᠳ ᠪᠤᠴᠠᠭᠠᠵᠤ ᠥᠭᠬᠦ ᠵᠢᠴᠢ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠪᠠᠭᠲᠠᠨ᠎ᠠ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠥᠪᠡᠷ ᠤᠨ ᠳᠠᠭᠠᠭᠠᠴᠢᠯᠠᠭᠰᠠᠨ ᠨᠤᠲᠤᠭ ᠪᠡᠯᠴᠢᠭᠡᠷ ᠳᠡᠭᠡᠷ᠎ᠡ ᠪᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠬᠤ ᠳᠤ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠨᠢᠭᠡᠴᠢ ᠪᠤᠶᠤ ᠬᠡᠷᠡᠭᠯᠡᠬᠦ ᠡᠷᠬᠡ ᠶᠢᠨ ᠨᠢᠭᠡᠴᠢ ᠲᠠᠢ ᠭᠠᠵᠠᠷ ᠬᠡᠷᠡᠭᠯᠡᠬᠦ ᠬᠡᠯᠡᠯᠴᠡᠭᠡᠷ ᠲᠣᠭᠲᠠᠭᠠᠬᠤ ᠬᠡᠷᠡᠭᠲᠡᠢ᠃      ︵ᠳᠦᠷᠪᠡ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠮᠠᠲ᠋ᠧᠷᠢᠶᠠᠯ᠃ ᠡᠭᠦᠨ ᠳᠤ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠲᠤ ᠬᠤᠯᠪᠣᠭᠳᠠᠬᠤ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ ᠶᠢᠨ ᠦᠨᠡᠮᠯᠡᠯ᠂ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠶᠢᠨ ᠦᠨᠡᠮᠯᠡᠯ ᠪᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠠᠭᠲᠠᠨ᠎ᠠ᠃ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠦᠨᠡᠮᠯᠡᠯ ᠢ ᠬᠠᠩᠭᠠᠵᠤ ᠳᠡᠶᠢᠯᠬᠦ ᠤᠶᠢᠭᠡᠢ ᠪᠣᠯ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠭᠡᠷᠡᠴᠢ ᠶᠢ ᠬᠠᠩᠭᠠᠬᠤ ᠬᠡᠷᠡᠭᠲᠡᠢ᠃ ᠨᠤᠲᠤᠭ ᠪᠡᠯᠴᠢᠭᠡᠷ ᠤᠨ ᠥᠮᠴᠢᠯᠡᠬᠦ ᠡᠷᠬᠡ ᠪᠤᠶᠤ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠳᠤ ᠬᠤᠯᠪᠣᠭᠳᠠᠬᠤ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠭᠡᠷᠡᠴᠢ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠢᠵᠦ ᠥᠭᠭᠦᠨ᠎ᠡ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠳᠤ ᠬᠤᠯᠪᠣᠭᠳᠠᠬᠤ ᠶᠢ ᠨᠢ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠨᠢᠭᠡᠴᠢ ᠪᠤᠶᠤ ᠨᠤᠲᠤᠭ ᠪᠡᠯᠴᠢᠭᠡᠷ ᠢ ᠬᠡᠷᠡᠭᠯᠡᠬᠦ ᠡᠷᠬᠡ ᠶᠢᠨ ᠨᠢᠭᠡᠴᠢ ᠠᠴᠠ ᠭᠠᠷᠭᠠᠵᠤ ᠥᠭᠭᠦᠨ᠎ᠡ᠃      ︵ᠲᠠᠪᠤ︶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠪᠤᠶᠤ ᠬᠡᠷᠡᠭᠯᠡᠬᠦ ᠪᠠᠷ ᠪᠠᠶᠢᠭ᠎ᠠ ᠣᠷᠣᠨ ᠪᠦᠰᠡ ᠶᠢᠨ ᠪᠠᠶᠢᠷᠢᠰᠢᠯ ᠤᠨ ᠵᠢᠷᠤᠭ᠃ ᠡᠵᠡᠯᠡᠨ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠣᠷᠣᠨ ᠪᠦᠰᠡ ᠶᠢᠨ ᠬᠡᠪᠴᠢᠶᠡᠨ ᠤ ᠲᠤᠭ᠎ᠠ ᠪᠠᠷᠢᠮᠲᠠ ᠶᠢᠨ ᠪᠠᠶᠢᠷᠢᠰᠢᠯ ᠤᠨ ᠵᠢᠷᠤᠭ ︵ᠲᠤᠬᠠᠢ ᠶᠢᠨ ᠭᠠᠵᠠᠷ ᠤᠨ 2000 ᠤᠯᠤᠰ ᠤᠨ ᠡᠬᠡ ᠭᠠᠵᠠᠷ ᠤᠨ ᠪᠠᠶᠢᠷᠢᠰᠢᠯ ᠤᠨ ᠰᠢᠰᠲ᠋ᠧᠮ ᠢ ᠬᠡᠷᠡᠭᠯᠡᠨ᠎ᠡ︶     ᠳᠣᠯᠣᠳᠤᠭᠠᠷ ᠵᠦᠢᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠱᠠᠭᠠᠷᠳᠠᠯᠭ᠎ᠠ ᠶᠣᠰᠣᠭᠠᠷ ᠬᠢᠨᠠᠨ ᠵᠥᠪᠰᠢᠶᠡᠷᠡᠬᠦ ᠲᠥᠷᠥᠯ ᠵᠦᠢᠯ ᠢᠶᠠᠨ ᠴᠠᠭ ᠲᠤᠬᠠᠢ ᠳᠤᠨᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠂ ᠮᠠᠯ ᠠᠵᠤ ᠠᠬᠤᠢ ᠶᠢᠨ ᠪᠡᠯᠡᠳᠬᠡᠮᠵᠢ ᠶᠢᠨ ᠬᠡᠷᠡᠭᠯᠡᠬᠦ ᠨᠤᠲᠤᠭ ᠪᠡᠯᠴᠢᠭᠡᠷ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠣᠯ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠢ᠃     ᠨᠠᠢᠮᠠᠳᠤᠭᠠᠷ ᠵᠦᠢᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ᠂ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠲᠣᠭᠲᠠᠭᠠᠯ ᠳᠤ ᠨᠡᠶᠢᠴᠡᠬᠦ ᠶᠢ ᠨᠤᠲᠠᠯᠠᠭᠰᠠᠨ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ ᠶᠢ ᠮᠡᠳᠡᠭᠳᠡᠬᠦ ᠬᠡᠷᠡᠭᠲᠡᠢ᠃ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠪᠣᠯᠪᠠᠴᠤ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠤᠶᠤ ᠲᠣᠭᠲᠠᠭᠠᠯ ᠳᠤ ᠨᠡᠶᠢᠴᠡᠬᠦ ᠦᠭᠡᠢ ᠭᠡᠵᠦ ᠨᠤᠲᠠᠯᠠᠭᠰᠠᠨ ᠪᠠᠶᠢᠪᠠᠯ᠂ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠶᠢ 5 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠪᠢᠴᠢᠭ ᠢᠶᠠᠷ ᠮᠡᠳᠡᠭᠳᠡᠬᠦ ᠬᠡᠷᠡᠭᠲᠡᠢ᠃ ᠬᠠᠤᠯᠢ ᠶᠣᠰᠣᠭᠠᠷ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ ᠦᠭᠡᠢ ᠭᠡᠵᠦ ᠨᠤᠲᠠᠯᠠᠬᠤ ᠳᠤ ᠬᠦᠷᠪᠡᠯ᠂ ᠬᠦᠯᠢᠶᠡᠨ ᠠᠪᠴᠤ ᠰᠢᠢᠳᠪᠦᠷᠢᠯᠡᠬᠦ ᠦᠭᠡᠢ ᠭᠡᠳᠡᠭ ᠢᠶᠠᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ ᠪᠥᠭᠡᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠬᠤ ᠶᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃ ᠬᠠᠤᠯᠢ ᠶᠣᠰᠣᠭᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠡᠷᠡᠭᠰᠡᠬᠦ ᠦᠭᠡᠢ ᠭᠡᠵᠦ ᠨᠤᠲᠠᠯᠠᠬᠤ ᠳᠤ ᠬᠦᠷᠪᠡᠯ᠂ ᠬᠦᠯᠢᠶᠡᠨ ᠠᠪᠴᠤ ᠰᠢᠢᠳᠪᠦᠷᠢᠯᠡᠬᠦ ᠦᠭᠡᠢ ᠭᠡᠵᠦ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠃     ᠶᠢᠰᠦᠳᠦᠭᠡᠷ ᠵᠦᠢᠯ ᠮᠠᠯ ᠠᠵᠤ ᠠᠬᠤᠢ ᠶᠢᠨ ᠪᠡᠯᠡᠳᠬᠡᠮᠵᠢ ᠶᠢᠨ ᠬᠡᠷᠡᠭᠯᠡᠬᠦ ᠨᠤᠲᠤᠭ ᠪᠡᠯᠴᠢᠭᠡᠷ ᠤᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠣᠯᠤᠭᠰᠠᠨ ᠡᠳᠦᠷ ᠠᠴᠠ ᠡᠬᠢᠯᠡᠨ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠬᠦ ᠬᠡᠷᠡᠭᠲᠡᠢ᠃ 20 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ ᠳᠡᠶᠢᠯᠬᠦ ᠦᠭᠡᠢ ᠪᠠᠶᠢᠪᠠᠯ᠂ ᠲᠣᠰ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ 10 ᠠᠵᠢᠯᠯᠠᠬᠤ ᠡᠳᠦᠷ ᠤᠷᠲᠤᠳᠬᠠᠵᠤ ᠪᠣᠯᠬᠤ ᠪᠥᠭᠡᠳ ᠤᠷᠲᠤᠳᠬᠠᠭᠰᠠᠨ ᠰᠢᠯᠲᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃     ᠠᠷᠪᠠᠳᠤᠭᠠᠷ ᠵᠦᠢᠯ  ᠭᠤᠶᠤᠴᠢᠯᠠᠭᠰᠠᠨ ᠨᠢᠭᠡᠴᠢ ᠪᠤᠶᠤ ᠬᠤᠪᠢ ᠬᠥᠮᠥᠨ ᠵᠥᠪᠰᠢᠶᠡᠷᠡᠭᠰᠡᠨ ᠲᠡᠯᠡᠪᠡᠢ ᠶᠢᠨ ᠶᠣᠰᠣᠭᠠᠷ ᠨᠤᠲᠤᠭ ᠪᠡᠯᠴᠢᠭᠡᠷ ᠢ ᠬᠡᠷᠡᠭᠯᠡᠬᠦ ᠬᠡᠷᠡᠭᠲᠡᠢ᠂ ᠳᠤᠷ᠎ᠠ ᠪᠠᠷ ᠢᠶᠠᠨ ᠲᠡᠯᠡᠪᠡᠢ ᠶᠢ ᠥᠷᠭᠡᠳᠬᠡᠵᠦ ᠪᠣᠯᠬᠤ ᠦᠭᠡᠢ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠠᠴᠠ ᠪᠣᠯᠵᠤ ᠨᠤᠲᠤᠭ ᠪᠡᠯᠴᠢᠭᠡᠷ ᠤᠨ ᠲᠠᠯᠠᠪᠠᠶ ᠶᠢ ᠦᠨᠡᠨᠬᠦ ᠥᠷᠭᠡᠳᠬᠡᠬᠦ ᠴᠢᠬᠤᠯᠠᠲᠠᠢ ᠪᠠᠶᠢᠪᠠᠯ᠂ ᠲᠣᠰ ᠠᠷᠭ᠎ᠠ ᠶᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠮᠠᠯ ᠠᠵᠤ ᠠᠬᠤᠢ ᠶᠢᠨ ᠪᠡᠯᠡᠳᠬᠡᠮᠵᠢ ᠶᠢᠨ ᠬᠡᠷᠡᠭᠯᠡᠯᠲᠡ ᠶᠢᠨ ᠨᠤᠲᠤᠭ ᠪᠡᠯᠴᠢᠭᠡᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ ᠭᠠᠷᠳᠠᠮ ᠢ ᠱᠠᠲᠤ ᠳᠠᠷᠠᠭᠠᠯᠠᠨ ᠭᠤᠶᠤᠴᠢᠯᠠᠨ ᠭᠦᠢᠴᠡᠳᠬᠡᠨ᠎ᠡ᠃ ᠮᠠᠯ ᠠᠵᠤ ᠠᠬᠤᠢ ᠶᠢᠨ ᠲᠥᠬᠦᠭᠡᠷᠦᠮᠵᠢ ᠶᠢᠨ ᠨᠤᠲᠤᠭ ᠪᠡᠯᠴᠢᠭᠡᠷ ᠬᠡᠷᠡᠭᠯᠡᠬᠦ ᠲᠠᠯᠠᠪᠠᠢ ᠶᠢ ᠪᠠᠭᠠᠰᠬᠠᠬᠤ ᠪᠤᠶᠤ ᠨᠤᠲᠤᠭ ᠪᠡᠯᠴᠢᠭᠡᠷ ᠤᠨ ᠣᠷᠣᠨ ᠪᠠᠶᠢᠷᠢ ᠶᠢ ᠬᠤᠪᠢᠷᠠᠭᠤᠯᠬᠤ ᠳᠤ ᠬᠦᠷᠪᠡᠯ᠂ ᠤᠤᠯ ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠬᠤᠪᠢᠷᠠᠭᠤᠯᠬᠤ ᠭᠠᠷ ᠭᠦᠢᠴᠡᠳᠬᠡᠯ ᠬᠢᠯᠭᠡᠬᠦ ᠪᠠᠷ ᠱᠠᠲᠤ ᠳᠠᠷᠠᠭᠠᠯᠠᠨ ᠭᠤᠶᠤᠴᠢᠯᠠᠬᠤ ᠬᠡᠷᠡᠭᠲᠡᠢ᠃     ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠮᠠᠯ ᠠᠵᠤ ᠠᠬᠤᠢ ᠶᠢᠨ ᠲᠥᠬᠦᠭᠡᠷᠦᠮᠵᠢ ᠶᠢᠨ ᠨᠤᠲᠤᠭ ᠪᠡᠯᠴᠢᠭᠡᠷ ᠢ ᠬᠡᠷᠡᠭᠯᠡᠬᠦ ᠶᠠᠪᠤᠳᠠᠯ ᠢ ᠡᠳᠦᠷ ᠲᠤᠲᠤᠮ ᠤᠨ ᠬᠠᠮᠢᠶᠠᠷᠤᠯᠲᠠ ᠳᠠᠭᠠᠨ ᠣᠷᠣᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠤᠨ᠂ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠣᠰ ᠠᠷᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠮᠠᠯᠴᠢᠳ ᠤᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨᠬᠦ ᠬᠠᠤᠯᠢ ᠴᠠᠭᠠᠵᠠ ᠪᠠᠷ ᠬᠠᠮᠠᠭᠠᠯᠠᠵᠤ᠂ ᠮᠠᠯ ᠠᠵᠤ ᠠᠬᠤᠢ ᠶᠢᠨ ᠪᠡᠯᠡᠳᠬᠡᠮᠵᠢ ᠶᠢᠨ ᠨᠤᠲᠤᠭ ᠪᠡᠯᠴᠢᠭᠡᠷ ᠢ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠬᠡᠷᠡᠭᠲᠡᠢ᠃     ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠮᠠᠯ ᠠᠵᠤ ᠠᠬᠤᠢ ᠶᠢᠨ ᠪᠡᠯᠡᠳᠬᠡᠮᠵᠢ ᠶᠢᠨ ᠨᠤᠲᠤᠭ ᠪᠡᠯᠴᠢᠭᠡᠷ ᠢ ᠬᠡᠷᠡᠭᠯᠡᠬᠦ ᠲᠤᠬᠠᠢ ᠶᠢᠨ ᠭᠠᠵᠠᠷ  ᠲᠤᠨᠢ ᠮᠥᠷᠳᠡᠬᠦ ᠪᠠᠨ ᠴᠢᠩᠭᠠᠳᠬᠠᠵᠤ᠂ ᠮᠠᠯ ᠠᠵᠤ ᠠᠬᠤᠢ ᠶᠢᠨ ᠪᠡᠯᠡᠳᠬᠡᠮᠵᠢ ᠶᠢᠨ ᠨᠤᠲᠤᠭ ᠪᠡᠯᠴᠢᠭᠡᠷ ᠢ ᠬᠡᠷᠡᠭᠯᠡᠬᠦ ᠭᠠᠵᠠᠷ ᠰᠢᠷᠣᠢ ᠶᠢᠨ ᠠᠰᠢᠭᠯᠠᠯᠲᠠ ᠪᠠ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠳᠤ ᠬᠢᠨᠠᠯᠲᠠ ᠲᠠᠯᠪᠢᠵᠤ᠂ ᠭᠠᠵᠠᠷ ᠰᠢᠷᠣᠢ ᠶᠢᠨ ᠬᠤᠪᠢᠷᠠᠯᠲᠠ ᠶᠢ ᠪᠠᠶᠢᠴᠠᠭᠠᠨ ᠳᠠᠩᠰᠠᠯᠠᠬᠤ ᠪᠠ ᠡᠬᠡ ᠲᠠᠩᠰᠠ ᠶᠢᠨ ᠬᠠᠮᠢᠶᠠᠷᠤᠯᠲᠠ ᠶᠢᠨ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃     ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠶᠢ ᠴᠢᠩᠭ᠎ᠠ ᠬᠡᠷᠡᠭᠵᠢᠭᠦᠯᠵᠦ᠂ ᠮᠠᠯ ᠠᠵᠤ ᠠᠬᠤᠢ ᠶᠢᠨ ᠪᠡᠯᠡᠳᠬᠡᠮᠵᠢ ᠳᠤ ᠨᠤᠲᠤᠭ ᠪᠡᠯᠴᠢᠭᠡᠷ ᠢ ᠬᠡᠷᠡᠭᠯᠡᠬᠦ ᠳᠡᠭᠡᠨ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ᠂ ᠮᠠᠯ ᠠᠵᠤ ᠠᠬᠤᠢ ᠶᠢ ᠬᠥᠭᠵᠢᠭᠦᠯᠬᠦ ᠨᠡᠷ᠎ᠡ ᠪᠠᠷ ᠮᠠᠯ ᠠᠵᠤ ᠠᠬᠤᠢ ᠶᠢᠨ ᠪᠡᠯᠡᠳᠬᠡᠮᠵᠢ ᠳᠤ ᠬᠡᠷᠡᠭᠯᠡᠬᠦ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠤᠰᠤᠳ ᠮᠠᠯ ᠠᠵᠤ ᠠᠬᠤᠢ ᠶᠢᠨ ᠪᠤᠰᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠴᠠᠭᠠᠵᠠᠯᠠᠬᠤ ᠬᠡᠷᠡᠭᠲᠡᠢ︔ ᠭᠠᠵᠠᠷ ᠬᠡᠷᠡᠭᠯᠡᠬᠦ ᠪᠠᠷᠢᠮᠵᠢᠶ᠎ᠠ   ᠠᠴᠠ ᠬᠡᠲᠦᠷᠡᠭᠦᠯᠵᠦ ᠪᠣᠯᠬᠤ ᠦᠭᠡᠢ᠂ ᠭᠠᠵᠠᠷ ᠬᠡᠷᠡᠭᠯᠡᠬᠦ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠬᠦ ᠪᠤᠶᠤ ᠭᠠᠵᠠᠷ ᠬᠡᠷᠡᠭᠯᠡᠬᠦ ᠪᠠᠷ ᠬᠡᠲᠦ ᠤᠳᠠᠭ᠎ᠠ ᠮᠡᠳᠡᠭᠦᠯᠬᠦ ᠪᠠᠷ ᠳᠠᠮᠵᠢᠭᠤᠯᠤᠨ ᠬᠡᠯᠪᠡᠷᠢ ᠶᠢ ᠨᠢ ᠥᠭᠡᠷᠡᠲᠦᠭᠦᠯᠦᠨ ᠭᠠᠵᠠᠷ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠶᠢ ᠴᠠᠭᠠᠵᠠᠯᠠᠨ᠎ᠠ︔ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠢ ᠰᠢᠭᠤᠳ ᠡᠷᠬᠢᠯᠡᠬᠦ ᠪᠤᠶᠤ ᠲᠡᠭᠦᠨ ᠳᠤ ᠦᠢᠯᠡᠴᠢᠯᠡᠬᠦ ᠲᠥᠬᠦᠭᠡᠷᠦᠮᠵᠢ ᠶᠢᠨ ᠰᠢᠨᠵᠢ ᠴᠢᠨᠠᠷ ᠢ ᠬᠤᠪᠢᠷᠠᠭᠤᠯᠵᠤ ᠪᠣᠯᠬᠤ ᠦᠭᠡᠢ᠃  ᠁     ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠲᠠᠪᠤᠳᠤᠭᠠᠷ ᠵᠦᠢᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠃     ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号