ᠮᠣᠩᠭᠤᠯ ᠡᠮ ᠡᠮᠨᠡᠯᠭᠡ ᠶᠢᠨ ᠣᠨᠴᠠᠯᠢᠭᠲᠤ ᠡᠮᠴᠢᠯᠡᠭᠡ ᠪᠠᠳᠠᠷᠠᠭᠤᠯᠵᠤ ᠤᠯᠠᠨ ᠲᠦᠮᠡᠨ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2024/4/8
     ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ ᠮᠣᠩᠭᠤᠯ ᠡᠮᠨᠡᠯᠭᠡ ᠶᠢᠨ ᠤᠯᠠᠮᠵᠢᠯᠠᠯᠲᠤ ᠲᠠᠪᠤᠨ ᠵᠠᠰᠠᠯᠭ᠎ᠠ᠂ ᠡᠷᠡᠭᠦᠯᠵᠢᠯ ᠢᠶᠠᠷ ᠣᠨᠴᠠᠯᠢᠭᠲᠤ ᠡᠮᠴᠢᠯᠡᠭᠡ ᠪᠣᠯᠭᠠᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠡᠷᠭᠢᠯᠡᠬᠦ ᠣᠶᠢᠯᠠᠭᠠᠭᠳᠠᠬᠤᠨ ᠢᠶᠠᠷ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ ᠡᠮᠴᠢᠯᠡᠭᠡ ᠶᠢ ᠵᠠᠯᠭᠠᠮᠵᠢᠯᠠᠬᠤ᠂ ᠪᠠᠳᠠᠷᠠᠭᠤᠯᠬᠤ᠂  ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠥᠭᠵᠢᠯᠲᠡ ᠶᠢᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠲᠠᠰᠤᠷᠠᠯᠲᠠ ᠦᠭᠡᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠡᠮᠴᠢᠯᠡᠭᠡᠨ ᠤ ᠬᠡᠪᠴᠢᠶ᠎ᠡ᠂ ᠲᠤᠨᠤᠭ ᠲᠦᠭᠦᠭᠡᠷᠦᠮᠵᠢ ᠶᠢᠨ ᠪᠦᠷᠢᠨᠰᠢᠯ᠂ ᠡᠮ ᠡᠮᠨᠡᠯᠭᠡ ᠶᠢᠨ ᠶᠠᠰᠤ ᠴᠢᠨᠠᠷ᠂ ᠨᠡᠶᠢᠭᠡᠮ ᠤᠨ ᠨᠥᠯᠥᠭᠡᠯᠡᠬᠦ ᠬᠦᠴᠦᠨ ᠵᠡᠷᠭᠡ ᠲᠠᠯ᠎ᠠ ᠪᠠᠷ ᠴᠥᠮ ᠢᠯᠡᠳᠲᠡ ᠦᠷ᠎ᠡ ᠪᠦᠲᠦᠮᠵᠢ ᠣᠯᠪᠠ᠃
         ᠡᠪᠡᠳᠴᠢᠲᠡᠨ ᠴᠠᠭᠠᠠᠬᠦᠦ ᠪᠣᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠪᠠᠶᠠᠨᠨᠠᠭᠤᠷ ᠭᠠᠴᠠᠭᠠᠨ ᠤ ᠮᠠᠯᠴᠢᠨ ᠶᠤᠮ᠃ ᠲᠡᠷᠡᠪᠡᠷ ᠪᠦᠰᠡᠯᠡᠭᠦᠷ ᠨᠢᠷᠤᠭᠤᠨ ᠤ ᠬᠤᠶᠠᠩ ᠳᠤ ᠨᠡᠷᠪᠡᠭᠳᠡᠭᠰᠡᠨ ᠠᠴᠠ ᠪᠣᠯᠵᠤ᠂ ᠠᠯᠬᠤᠵᠤ  ᠰᠠᠭᠤᠬᠤ ᠳᠤ ᠴᠦ ᠬᠦᠴᠢᠷᠳᠡᠨ᠂ ᠡᠮᠨᠡᠯᠭᠡ ᠳᠤ ᠬᠦᠷᠬᠦ ᠳᠤ ᠬᠤᠶᠠᠷ ᠬᠦᠮᠦᠨ ᠢᠶᠠᠷ ᠲᠦᠰᠢᠬᠦᠯᠵᠦ ᠪᠠᠶᠢᠵᠠᠢ᠃ ᠡᠶᠢᠨᠬᠦ ᠮᠤᠩᠭᠤᠯ ᠡᠮᠨᠡᠯᠭᠡ ᠶᠢᠨ ᠬᠤᠷᠢᠶᠠᠨ ᠤ ᠲᠠᠪᠤᠨ ᠵᠠᠰᠠᠯ ᠤᠨ ᠰᠠᠯᠠᠭᠠᠨ ᠳᠤ ᠡᠮᠨᠡᠬᠦᠯᠵᠦ᠂ ᠭᠤᠤᠯᠳᠠᠭᠤ ᠲᠦᠬᠡᠨᠡᠬᠦ ᠵᠠᠰᠠᠯ᠂ ᠮᠣᠩᠭᠤᠯ ᠡᠮ ᠲᠦᠷᠬᠢᠵᠦ ᠢᠯᠢᠬᠦ ᠵᠠᠰᠠᠯ᠂ ᠰᠠᠮ ᠰᠤᠷᠤᠭᠤᠯ᠂ ᠴᠠᠬᠢᠯᠭᠠᠨ ᠵᠠᠰᠠᠯ᠂ ᠲᠠᠳᠠᠬᠤ ᠵᠠᠰᠠᠯ ᠵᠡᠷᠭᠡ ᠮᠣᠩᠭᠤᠯ ᠡᠮᠴᠢᠯᠡᠭᠡᠨ ᠤ ᠣᠨᠴᠠᠯᠢᠭᠲᠤ ᠵᠠᠰᠠᠯ ᠢᠶᠠᠷ ᠳᠡᠮᠵᠢᠨ᠂ ᠡᠮᠨᠡᠭᠦᠯᠦᠭᠰᠡᠨ ᠭᠤᠷᠪᠠᠳᠤᠭᠠᠷ ᠡᠳᠦᠷ ᠲᠤ ᠡᠪᠡᠳᠴᠢᠲᠡᠨ ᠥᠪᠡᠷ ᠢᠶᠠᠨ ᠢᠳᠡᠭ ᠢᠳᠡᠭ ᠢᠶᠠᠷ ᠲᠤᠷᠰᠢᠨ ᠶᠠᠪᠤᠵᠤ᠂ ᠣᠲᠣ ᠨᠢᠭᠡᠨᠲᠡ ᠪᠤᠰᠤᠳ ᠬᠥᠮᠥᠨ ᠢᠶᠠᠷ ᠲᠦᠰᠢᠭᠦᠯᠬᠦ ᠦᠭᠡᠢ ᠦᠪᠡᠷᠳᠡᠭᠡᠨ ᠶᠠᠪᠤᠵᠤ ᠴᠢᠳᠠᠬᠤ ᠪᠤᠯᠵᠤ᠂ ᠡᠪᠡᠳᠴᠢᠨ ᠤ ᠪᠠᠶᠢᠳᠠᠯ ᠨᠢ ᠮᠡᠳᠡᠭᠳᠡᠮ᠎ᠡ ᠢᠯᠡᠰᠢᠷᠡᠭᠰᠡᠨ ᠪᠠᠶᠢᠨ᠎ᠠ᠃
         ᠰᠤᠷᠪᠤᠯᠵᠢᠯᠠᠭᠴᠢ ᠶᠢᠨ ᠠᠵᠢᠭᠯᠠᠭᠰᠠᠨ ᠢᠶᠠᠷ᠂ ᠮᠣᠩᠭᠤᠯ ᠡᠮᠨᠡᠯᠭᠡ ᠶᠢᠨ ᠬᠤᠷᠢᠶᠠᠨ ᠤ ᠲᠠᠪᠤᠨ ᠵᠠᠰᠠᠯ ᠤᠨ ᠡᠮᠴᠢᠯᠡᠭᠡᠨ ᠤ  ᠲᠠᠰᠤᠭ ᠤᠨ  ᠡᠬᠦᠳᠡᠨ ᠡᠮᠨᠡᠯᠭᠡ ᠶᠢᠨ ᠲᠣᠭᠤᠷᠢᠭ ᠤᠨ ᠡᠭᠦᠳᠡᠨ ᠳᠤ ᠤᠯᠠᠨ ᠡᠪᠡᠳᠴᠢᠲᠡᠨ ᠮᠥᠷᠯᠡᠨ ᠵᠢᠭᠰᠠᠵᠤ᠂ ᠡᠮᠴᠢᠯᠡᠭᠡᠨ ᠤ ᠲᠣᠭᠤᠷᠢᠭ ᠲᠤ ᠣᠷᠣᠬᠤ ᠳᠤ᠂ ᠣᠯᠠᠨ ᠡᠪᠡᠳᠴᠢᠲᠡᠨ ᠮᠣᠩᠭᠤᠯ ᠡᠮ ᠡᠮᠨᠡᠯᠭᠡ ᠶᠢᠨ ᠣᠨᠴᠠᠯᠢᠭᠲᠤ ᠡᠮᠴᠢᠯᠡᠭᠡᠨ ᠤ ᠠᠷᠭ᠎ᠠ ᠶᠢᠨ ᠷᠢᠳᠢ ᠰᠢᠳᠢ ᠶᠢ  ᠪᠡᠶᠡᠴᠢᠯᠡᠨ ᠣᠶᠢᠯᠠᠭᠠᠵᠤ ᠡᠮᠨᠡᠬᠦᠯᠵᠦ ᠪᠠᠶᠢᠯ᠎ᠠ᠃   ᠡᠶᠢᠨᠬᠦ ᠵᠡᠭᠦᠦ ᠲᠥᠭᠡᠨᠡᠯᠭᠡ ᠂ ᠢᠯᠢᠵᠦ ᠨᠤᠬᠤᠯᠠᠬᠤ᠂ ᠡᠯᠡᠰᠦᠨ ᠵᠠᠰᠠᠯ ᠵᠡᠷᠭᠡ ᠤᠯᠠᠮᠵᠢᠯᠠᠯᠲᠤ ᠵᠠᠰᠠᠯ ᠨᠢ ᠦᠷ᠎ᠡ ᠪᠦᠲᠦᠮᠵᠢ ᠪᠠᠷ ᠢᠯᠡᠷᠬᠡᠢ᠂ ᠠᠮᠤᠷ ᠲᠦᠪᠰᠢᠨ ᠨᠠᠶᠢᠳᠠᠪᠤᠷᠢᠲᠠᠢ᠂ ᠦᠨ᠎ᠡ ᠬᠠᠩᠰᠢ ᠬᠢᠮᠳᠠ᠂ ᠲᠤᠬᠠᠢ ᠶᠢᠨ ᠭᠠᠵᠠᠷ ᠤᠨ ᠤᠯᠠᠨ ᠵᠦᠢᠯ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠤᠯᠠᠨ ᠡᠭᠦᠰᠳᠡᠭ ᠡᠪᠡᠳᠴᠢᠨ ᠳᠤ ᠵᠣᠬᠢᠴᠠᠵᠤ᠂ ᠣᠨᠴᠠᠯᠢᠭ ᠢᠶᠠᠷ ᠢᠯᠡ ᠲᠣᠳᠣ ᠡᠷᠡᠭᠦᠯ ᠮᠡᠨᠳᠦ ᠶᠢᠨ ᠦᠢᠯᠡᠴᠢᠯᠡᠭᠡᠨ ᠤ ᠲᠦᠷᠦᠯ ᠲᠡᠮᠳᠡᠭ ᠪᠤᠯᠵᠤ ᠪᠠᠶᠢᠨ᠎ᠠ ᠬᠡᠮᠡᠨ  ᠡᠪᠡᠳᠴᠢᠳᠡᠳ ᠢᠯᠡᠳᠬᠡᠵᠡᠭᠡᠪᠡ᠃     ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠲᠠᠪᠤᠨ ᠵᠠᠰᠠᠯ ᠎ ᠤᠨ  ᠡᠮᠴᠢᠯᠡᠭᠡᠨ ᠤ ᠰᠠᠯᠠᠭ᠎ᠠ ᠨᠢ ᠮᠣᠩᠭᠤᠯ ᠡᠮᠨᠡᠯᠭᠡ ᠶᠢᠨ ᠦᠨᠳᠦᠰᠦᠨ ᠣᠨᠣᠯ ᠢᠶᠠᠷ ᠵᠢᠯᠣᠭᠤᠳᠤᠯᠭ᠎ᠠ ᠪᠣᠯᠭᠠᠵᠤ᠂ ᠤᠯᠠᠮᠵᠢᠯᠠᠯᠲᠤ ᠮᠣᠩᠭᠤᠯ ᠡᠮᠨᠡᠯᠭᠡ ᠶᠢᠨ ᠭᠠᠳᠠᠷ ᠡᠮᠴᠢᠯᠡᠭᠡᠨ ᠤ ᠠᠷᠭ᠎ᠠ ᠶᠢ ᠬᠡᠷᠡᠭᠯᠡᠨ᠂ ᠮᠣᠩᠭᠤᠯ ᠡᠮᠨᠡᠯᠭᠡ ᠶᠢᠨ ︽ᠲᠠᠪᠤᠨ ᠵᠠᠰᠠᠯ︾᠎ ᠎ ᠤᠨ ᠣᠨᠴᠠᠯᠢᠭᠲᠤ ᠡᠮᠴᠢᠯᠡᠭᠡ ᠪᠠ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠳᠠᠪᠠᠭᠤᠯᠢᠭ ᠢ ᠭᠦᠢᠴᠡᠳ ᠠᠰᠢᠭᠯᠠᠨ ᠪᠠᠳᠠᠷᠠᠭᠤᠯᠵᠤ᠂ ᠡᠮᠴᠢᠯᠡᠭᠡᠨ ᠤ ᠦᠢᠯᠡᠳᠦᠯᠭᠡ ᠪᠠ ᠥᠩᠭᠡᠷᠡᠭᠰᠡᠨ ᠤ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠡᠮᠨᠡᠯᠭᠡ ᠪᠠᠷ ᠳᠠᠮᠵᠢᠭᠤᠯᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠯ ᠤᠨ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃ ᠲᠣᠰ ᠲᠠᠰᠤᠭ ᠨᠢ 2016 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠲᠠᠰᠤᠭ ᠢᠶᠠᠷ ᠦᠨᠡᠯᠡᠭᠳᠡᠵᠦ᠂ 2023 ᠣᠨ ᠳᠤ  ᠬᠤᠰᠢᠭᠤ ᠲᠠᠰ ᠤᠨ ᠠᠵᠢᠯᠴᠢᠨ ᠤ ᠬᠤᠰᠢᠭᠤᠴᠢ  ᠲᠠᠰᠤᠭ  ᠎ ᠢᠶᠠᠷ  ᠦᠨᠡᠯᠡᠭᠳᠡᠭᠰᠡᠨ ᠶᠤᠮ᠃
        ᠲᠠᠪᠤᠨ ᠵᠠᠰᠠᠯ ᠤᠨ ᠡᠮᠴᠢᠯᠡᠭᠡᠨ ᠤ ᠰᠠᠯᠠᠭ᠎ᠠ ᠨᠢ ᠡᠪᠡᠳᠴᠢᠲᠡᠨ ᠢᠶᠠᠷ ᠭᠤᠣᠯ ᠪᠣᠯᠭᠠᠵᠤ᠂ ᠶᠠᠰᠤ ᠴᠢᠨᠠᠷ ᠢᠶᠠᠷ ᠭᠤᠣᠯ ᠪᠣᠯᠭᠠᠭᠰᠠᠨ ᠦᠢᠯᠡᠴᠢᠯᠡᠭᠡᠨ ᠤ ᠣᠨᠣᠯᠵᠢᠬᠤᠨ ᠢ ᠪᠠᠷᠢᠮᠲᠠᠯᠠᠨ᠂ ᠮᠣᠩᠭᠤᠯ ᠡᠮᠴᠢᠯᠡᠭᠡᠨ ᠤ ᠣᠨᠴᠠᠯᠢᠭᠲᠤ ᠡᠮᠨᠡᠬᠦ ᠠᠷᠭ᠎ᠠ ᠶᠢ ᠶᠡᠬᠡᠪᠡᠷ ᠬᠦᠭᠵᠢᠬᠦᠯᠵᠦ᠂ ᠣᠳᠣᠬᠠᠨ ᠳᠤ ᠵᠡᠬᠦᠦ ᠲᠦᠭᠡᠨᠡᠯᠭᠡ᠂ ᠰᠣᠷᠣᠭᠤᠯ ᠲᠠᠯᠪᠢᠬᠤ᠂ ᠢᠯᠢᠵᠦ ᠨᠤᠬᠤᠯᠬᠤ᠂ ᠴᠠᠢ ᠠᠷᠢᠬᠢᠨ ᠤ ᠵᠠᠰᠠᠯ᠂ ᠳᠠᠪᠤᠰᠤᠨ ᠵᠠᠰᠠᠯ᠂ ᠡᠯᠡᠰᠦᠨ ᠵᠠᠰᠠᠯ ᠪᠠ ᠮᠣᠩᠭᠤᠯ ᠡᠮᠨᠡᠯᠭᠡ ᠶᠢᠨ ᠡᠮᠲᠦ ᠤᠬᠢᠶᠠᠯᠭ᠎ᠠ ᠵᠡᠷᠭᠡ ᠶᠢ ᠪᠠᠭᠲᠠᠭᠠᠭᠰᠠᠨ 60 ᠭᠠᠷᠤᠢ ᠲᠦᠷᠦᠯ ᠵᠦᠢᠯ ᠤᠨ ᠣᠨᠴᠠᠯᠢᠭᠲᠤ ᠵᠠᠰᠠᠯ ᠢᠶᠠᠷ ᠭᠤᠤᠯᠳᠠᠭᠤᠯᠤᠨ ᠡᠮᠴᠢᠯᠡᠭᠡ ᠬᠢᠵᠦ ᠪᠤᠢ᠃    ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ ︽ᠤᠯᠠᠮᠵᠢᠯᠠᠨ ᠵᠠᠯᠭᠠᠮᠵᠢᠯᠠᠬᠤ᠂ ᠦᠨᠡᠨᠴᠢ ᠢᠲᠡᠭᠡᠮᠵᠢᠲᠡᠢ ᠪᠠᠶᠢᠬᠤ᠂ ᠰᠢᠨ᠎ᠡ ᠶᠢ ᠡᠭᠦᠳᠬᠦ︾ ᠵᠣᠷᠢᠭ ᠰᠠᠨᠠᠭ᠎ᠠ ᠶᠢ ᠪᠠᠷᠢᠮᠲᠠᠯᠠᠨ᠂ ᠮᠣᠩᠭᠤᠯ ᠡᠮ ᠡᠮᠨᠡᠯᠭᠡ ᠶᠢᠨ ᠣᠨᠴᠠᠯᠢᠭ ᠢ ᠦᠷᠭᠦᠯᠵᠢᠯᠡᠨ ᠪᠠᠳᠠᠷᠠᠭᠤᠯᠵᠤ᠂ ᠮᠣᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠬᠥᠭᠵᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠳᠤ ᠮᠣᠩᠭᠤᠯ ᠡᠮ ᠡᠮᠨᠡᠯᠭᠡ ᠶᠢᠨ ᠷᠢᠳᠢ ᠰᠢᠳᠢ ᠶᠢ ᠪᠡᠶᠡᠴᠢᠯᠡᠨ ᠤᠶᠢᠯᠠᠭᠠᠭᠤᠯᠵᠤ᠂ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠠᠷᠠᠳ ᠲᠦᠮᠡᠨ ᠳᠤ ᠬᠠᠨᠤᠮᠵᠢᠲᠠᠢ ᠣᠨᠴᠠᠯᠢᠭᠲᠤ ᠡᠮᠨᠡᠯᠭᠡ ᠶᠢᠨ ᠬᠤᠷᠢᠶ᠎ᠠ ᠶᠢ  ᠪᠠᠶᠢᠭᠤᠯᠬᠤ ᠪᠠᠷ ᠴᠢᠷᠮᠠᠶᠢᠨ ᠠᠵᠢᠯᠯᠠᠬᠤ ᠪᠤᠯᠤᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠰᠡᠴᠡᠡᠵᠤᠷᠢᠭ — ᠣᠳᠣᠬᠠᠨ ᠳᠤ᠂ ᠮᠠᠨ ᠤ ᠬᠤᠷᠢᠶ᠎ᠠ ᠰᠢᠨ᠎ᠡ ᠨᠢᠭᠡ ᠬᠤᠭᠤᠴᠠᠭᠠᠨ ᠤ ᠪᠠᠭ ᠤᠨ ᠪᠦᠷᠢᠯᠳᠦᠭᠦᠨ ᠤ ᠤᠳᠤᠷᠢᠳᠤᠯᠭ᠎ᠠ ᠳᠣᠣᠷ᠎ᠠ᠂ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠲᠤᠬᠠᠢ ᠶᠢᠨ ᠭᠠᠵᠠᠷ ᠤᠨ ᠨᠠᠷᠠᠲᠤ ᠠᠬᠠᠮᠠᠳ ᠮᠣᠩᠭᠤᠯ ᠡᠮᠴᠢ ᠶᠢ ᠤᠷᠢᠨ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠲᠤᠰᠬᠠᠢ ᠮᠡᠷᠭᠡᠵᠢᠯᠲᠡᠨ ᠤ ᠪᠦᠯᠬᠦᠮ ᠢ ᠦᠷᠭᠡᠳᠭᠡᠨ᠂ ᠤᠯᠠᠮᠵᠢᠯᠠᠨ ᠵᠠᠯᠭᠠᠮᠵᠢᠯᠠᠬᠤ ᠠᠵᠢᠯ ᠢ ᠶᠡᠬᠡᠪᠡᠷ ᠳᠡᠮᠵᠢᠵᠦ ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠶᠢ ᠬᠥᠮᠥᠵᠢᠭᠦᠯᠦᠨ᠂ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠬᠥᠭᠵᠢᠭᠦᠯᠵᠦ᠂ ᠲᠤᠰᠬᠠᠢ ᠰᠠᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ  ᠪᠠᠶᠢᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠮᠣᠩᠭᠤᠯ ᠡᠮ ᠡᠮᠨᠡᠯᠭᠡ᠂ ᠤᠯᠠᠮᠵᠢᠯᠠᠯᠲᠤ ᠡᠮᠴᠢᠯᠡᠭᠡ᠂ ᠡᠷᠡᠭᠦᠯᠵᠢᠯ ᠵᠡᠷᠭᠡ ᠡᠮᠴᠢᠯᠡᠭᠡᠨ ᠤ ᠠᠷᠭ᠎ᠠ ᠶᠢᠨ ᠭᠤᠣᠯᠳᠠᠯᠭ᠎ᠠ ᠲᠠᠢ ᠬᠥᠭᠵᠢᠯᠲᠡ ᠶᠢ ᠨᠠᠩ ᠢᠯᠡᠭᠦᠦ ᠴᠢᠬᠤᠯᠠᠴᠢᠯᠠᠨ ᠬᠦᠭᠵᠢᠬᠦᠯᠬᠦ ᠪᠤᠯᠤᠨ᠎ᠠ᠃      
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号