ᠬᠠᠪᠣᠷ ᠤᠨ ᠣᠯᠠᠷᠢᠯ ᠤᠨ ᠣᠷᠭᠤᠯᠳᠠ ᠶᠢᠨ ᠬᠤᠭᠤᠴᠠᠭᠠᠨ ᠤ ᠪᠡᠯᠴᠢᠭᠡᠷᠯᠡᠬᠦᠯᠬᠦ ᠶᠢ ᠵᠣᠭᠰᠤᠭᠠᠬᠤ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/8
     ᠪᠥᠬᠦ ᠪᠠᠯᠭᠠᠰᠣᠨ ᠤ 2024 ᠣᠨ ᠤ ᠬᠠᠪᠤᠷ ᠤᠨ ᠣᠯᠠᠷᠢᠯ ᠤᠨ ᠣᠷᠭᠤᠯᠳᠠ ᠶᠢᠨ ᠬᠤᠭᠤᠴᠠᠭᠠᠨ ᠤ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠪᠤᠯᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠂ ᠣᠶᠢᠷ᠎ᠠ ᠳᠤ᠂ ᠵᠢᠷ ᠤᠨ ᠭᠤᠤᠯ ᠪᠠᠯᠭᠠᠰᠤ ᠨᠢ ᠬᠠᠪᠤᠷ ᠤᠨ ᠣᠯᠠᠷᠢᠯ ᠤᠨ ᠣᠷᠭᠤᠯᠳᠠ ᠶᠢᠨ ᠬᠤᠭᠤᠴᠠᠭᠠᠨ ᠤ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠵᠢᠴᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠢᠳᠡᠪᠬᠢᠲᠡᠢ ᠥᠷᠨᠢᠭᠦᠯᠵᠦ ᠪᠠᠶᠢᠨ᠎ᠠ᠃      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠪᠥᠬᠦ ᠲᠠᠯ᠎ᠠ ᠪᠠᠷ ᠪᠠᠶᠢᠷᠢᠯᠠᠭᠤᠯᠤᠨ ᠲᠠᠶᠢᠴᠢᠯᠠᠵᠦ ᠪᠤᠢ᠃      ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠤᠭᠤᠴᠠᠭ᠎ᠠ ᠬᠢᠬᠡᠳ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠣᠷᠭᠤᠯᠳᠠ ᠶᠢᠨ ᠬᠤᠭᠤᠴᠠᠭᠠᠨ ᠤ ᠪᠡᠯᠴᠢᠬᠡᠷᠯᠡᠬᠦᠯᠬᠦ ᠶᠢ ᠵᠤᠭᠰᠤᠭᠠᠬᠤ ᠠᠵᠢᠯ ᠡᠬᠢᠯᠡᠭᠰᠡᠨ ᠠᠴᠠ ᠨᠠᠰᠢ᠂ ᠵᠢᠷ ᠤᠨ ᠭᠤᠤᠯ ᠪᠠᠯᠭᠠᠰᠤ ᠨᠢ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠪᠠᠯᠭᠠᠰᠤᠨ ᠤ 17 ᠭᠠᠴᠠᠭ᠎ᠠ᠂ 1300 ᠭᠠᠷᠤᠢ ᠮᠠᠯᠴᠢᠨ ᠡᠷᠦᠬᠡ ᠎ ᠶᠢᠨ 38 ᠲᠦᠮᠡ ᠭᠠᠷᠤᠢ ᠮᠦ ᠨᠤᠳᠤᠭ ᠪᠡᠯᠴᠢᠬᠡᠷ ᠢ ᠪᠡᠯᠴᠢᠬᠡᠷᠯᠡᠬᠦᠯᠬᠦ ᠶᠢ ᠵᠤᠬᠰᠤᠭᠠᠬᠤ ᠪᠤᠯᠤᠨ᠎ᠠ᠃ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠤᠯᠤᠨ ︽ᠬᠤᠶᠠᠷ ᠵᠥᠪᠯᠡᠯ︾᠎ ᠤᠨ ᠪᠦᠷᠢᠯᠳᠦᠭᠦᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠠᠯᠭᠠᠰᠣᠨ ᠤ ᠶᠡᠷᠦᠩᠬᠡᠶᠢᠯᠡᠭᠰᠡᠨ ᠮᠡᠷᠭᠡᠵᠢᠯ ᠤᠨ ᠪᠠᠲᠤᠯᠠᠭ᠎ᠠ ᠪᠠ ᠮᠡᠷᠬᠡᠵᠢᠯ ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠎ ᠨᠢ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ᠂ ᠬᠡᠮ ᠬᠢᠵᠢᠭ ᠢ ᠰᠡᠷᠭᠡᠶᠢᠯᠡᠨ ᠵᠠᠰᠠᠬᠤ᠂ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠪᠠ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠠᠵᠢᠯ ᠤᠨ ᠬᠠᠮᠳᠤᠷᠠᠯ ᠤᠨ ᠬᠦᠴᠦᠨ ᠢ ᠪᠣᠶ ᠪᠣᠯᠭᠠᠨ᠂ ᠬᠠᠪᠤᠷ ᠤᠨ ᠣᠯᠠᠷᠢᠯ ᠎ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠤᠷᠤᠭᠰᠢᠲᠠᠢ ᠡᠬᠢᠯᠡᠬᠦ ᠶᠢ ᠬᠦᠴᠦᠲᠡᠢ ᠠᠬᠢᠭᠤᠯᠵᠦ ᠪᠠᠶᠢᠨ᠎ᠠ᠃      ᠬᠤᠶᠠᠷ᠂ ᠣᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠬᠢ ᠰᠠᠶᠢᠨ ᠠᠭᠤᠷ ᠠᠮᠢᠰᠬᠤᠯ ᠢ ᠪᠣᠶ ᠪᠣᠯᠭᠠᠵᠦ ᠪᠤᠢ᠃      ᠡᠷᠦᠬᠡ ᠳᠤ ᠬᠦᠷᠴᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠰᠦᠯᠵᠢᠶᠡᠨ ᠳᠡᠭᠡᠷ᠎ᠡ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠤ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠶᠢ ᠬᠦᠳᠦᠯᠦᠨ ᠵᠢᠯᠤᠭᠤᠳᠬᠤ ᠶᠢᠨ ᠬᠠᠮᠲᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠨᠢᠮᠪᠠᠢ ᠲᠠᠶᠢᠯᠪᠤᠷᠢᠯᠠᠵᠤ᠂ ᠮᠠᠯᠴᠢᠨ ᠲᠦᠮᠡᠨ ᠤ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠭᠠᠯ ᠢ ᠰᠡᠷᠭᠡᠶᠢᠯᠡᠬᠦ ᠣᠬᠠᠮᠰᠠᠷ ᠢ ᠨᠢ ᠨᠡᠮᠡᠭᠳᠡᠭᠦᠯᠦᠨ᠂ ᠮᠠᠯᠴᠢᠨ ᠲᠦᠮᠡᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠪᠠ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠢᠳᠡᠪᠬᠢᠵᠢᠯ ᠬᠢᠬᠡᠳ ᠬᠠᠷᠢᠭᠤᠴᠠᠯᠭᠠᠲᠤ ᠰᠡᠳᠬᠢᠯᠭᠡ ᠶᠢ ᠨᠢ ᠤᠯᠠᠮ ᠨᠡᠮᠡᠭᠳᠡᠬᠦᠯᠵᠦ᠂ ︽ᠬᠥᠮᠥᠨ ᠪᠦᠬᠦᠨ ᠰᠡᠳᠬᠢᠯ ᠲᠠᠯᠪᠢᠨ᠂ ᠬᠥᠮᠥᠨ ᠪᠦᠬᠦᠨ ᠣᠷᠣᠯᠴᠠᠬᠰᠠᠨ︾ ᠢᠳᠡᠪᠬᠢᠳᠡᠢ ᠠᠭᠤᠷ ᠠᠮᠢᠰᠬᠤᠯ ᠢ ᠪᠣᠶ ᠪᠣᠯᠭᠠᠵᠦ ᠪᠠᠶᠢᠨ᠎ᠠ᠃     ᠭᠤᠷᠪᠠ᠂ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠦ ᠪᠤᠢ᠃     ᠭᠠᠴᠠᠭ᠎ᠠ ᠶᠢ ᠳᠠᠭᠠᠭᠠᠴᠢᠯᠠᠨ ᠲᠡᠳᠬᠦᠵᠦ ᠪᠠᠶᠢᠭ᠎ᠠ ᠤᠳᠤᠷᠢᠳᠬᠤ ᠺᠠᠳ᠋ᠷ  ᠪᠤᠯᠤᠨ ᠭᠠᠴᠠᠭᠠᠨ ᠤ ︽ᠬᠤᠶᠠᠷ ᠵᠥᠪᠯᠡᠯ︾᠎ ᠤᠨ ᠪᠦᠷᠢᠯᠳᠦᠭᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠮᠠᠯᠵᠢᠬᠤ ᠡᠷᠦᠬᠡ ᠳᠤ ᠭᠦᠨᠵᠡᠭᠡᠶᠢᠷᠡᠭᠦᠯᠦᠨ ᠡᠷᠦᠬᠡ ᠳᠠᠷᠠᠭᠠᠯᠠᠨ ᠨᠠᠶᠢᠳᠠᠪᠤᠷᠢᠵᠢᠭᠤᠯᠵᠦ᠂ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠤᠭᠰᠤᠭᠠᠬᠤ ᠬᠠᠷᠢᠭᠤᠴᠠᠯᠭ᠎ᠠ ᠶᠢᠨ ᠪᠢᠴᠢᠭ ᠬᠢᠬᠡᠳ ᠭᠠᠯ ᠢ ᠰᠡᠷᠭᠡᠶᠢᠯᠡᠬᠦ ᠭᠡᠷ᠎ᠡ ᠲᠣᠭᠲᠠᠨ᠂ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠤᠨ ᠲᠣᠳᠣᠷᠬᠠᠢ ᠺᠠᠷᠲ ᠲᠠᠷᠬᠠᠭᠠᠭᠰᠠᠨ ᠤ ᠬᠠᠮᠲᠤ ᠢᠯᠡ ᠭᠠᠵᠠᠷ ᠲᠤ ᠠᠵᠢᠯᠯᠠᠭᠠᠨ ᠤ ᠫᠠᠶᠢᠰᠠ ᠢᠯᠡᠷᠬᠡᠶᠢᠯᠡᠯ ᠡᠯᠭᠦᠵᠦ᠂ ᠭᠤᠣᠯᠳᠠᠯᠭ᠎ᠠ ᠲᠠᠢ ᠣᠷᠣᠨ ᠪᠦᠰᠡ᠂ ᠬᠠᠷᠢᠶ᠎ᠠ ᠣᠷᠣᠨ ᠤ ᠭᠤᠣᠯ ᠵᠠᠮ ᠱᠤᠭᠤᠮ ᠳᠤ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠲᠤᠭ ᠪᠤᠰᠬᠠᠨ᠂ ᠬᠠᠷᠢᠶ᠎ᠠ ᠣᠷᠣᠨ ᠤ ᠣᠯᠠᠨ ᠲᠦᠮᠡᠨ ᠤ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠡᠭᠦᠷᠭᠡ ᠪᠠᠨ ᠬᠦᠢᠴᠡᠳᠬᠡᠵᠦ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠳᠤ ᠢᠳᠡᠪᠬᠢᠲᠡᠢ ᠣᠷᠣᠯᠴᠠᠬᠤ ᠶᠢ ᠨᠢ ᠤᠯᠠᠮ ᠴᠢᠨᠠᠭᠰᠢᠳᠠ ᠬᠥᠲᠥᠯᠥᠨ ᠲᠠᠭᠠᠭᠤᠯᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号