ᠮᠠᠯᠴᠢᠨ ᠤ ᠡᠷᠬᠢᠯᠡᠭᠰᠡᠨ ᠠᠩᠬᠠᠳᠤᠭᠴᠢ ᠬᠤᠯᠢᠮᠠᠭ ᠡᠪᠡᠰᠦ ᠪᠤᠯᠪᠠᠰᠤᠷᠠᠭᠤᠯᠬᠤ ᠲᠠᠰᠤᠭ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2024/4/8
    ᠪᠠᠲᠤᠮᠦ᠋ᠡᠭᠬᠡ ᠪᠤᠯ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠪᠤᠷᠤᠪᠤᠯᠠᠭ ᠭᠠᠴᠠᠭᠠᠨ ᠤ ᠨᠠᠮ ᠎ ᠤᠨ ᠡᠬᠦᠷ ᠤᠨ ᠱᠦᠵᠢ᠂ ᠡᠷᠬᠢᠯᠡᠭᠴᠢ ᠶᠢᠨ ᠲᠤᠰᠢᠶᠠᠯ ᠳᠤ ᠬᠠᠮᠲᠤᠪᠠᠷ ᠴᠢᠨᠡᠭᠡᠯᠢᠭᠵᠢᠬᠦ ᠵᠠᠮ ᠶᠢᠨ ᠳᠠᠭᠠᠭᠤᠯᠤᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ ᠶᠠᠪᠤᠨ᠎ᠠ᠃ ᠡᠳᠡᠨᠠᠶᠢᠬᠢᠨ ︽ᠬᠤᠨᠢ ᠪᠠᠨ ᠴᠦᠭᠡᠴᠡᠯᠡᠵᠦ᠂ ᠦᠬᠡᠷ ᠦᠰᠭᠡᠬᠦ︾ ᠲᠦᠷᠦ ᠶᠢᠨ ᠪᠤᠳᠤᠯᠭ᠎ᠠ ᠪᠠᠷ ᠡᠷᠳᠡ ᠠᠴᠠ ᠦᠬᠡᠷ ᠤᠨ ᠡᠬᠦᠯᠳᠡᠷ ᠢᠶᠠᠨ ᠰᠠᠶᠢᠵᠢᠷᠠᠭᠤᠯᠬᠤ ᠠᠵᠢᠯ ᠢ ᠰᠠᠶᠢᠳᠦᠷ ᠬᠢᠵᠦ᠂ ᠪᠤᠷᠳᠤᠨ ᠲᠠᠷᠭᠤᠯᠠᠭᠤᠯᠵᠦ ᠦᠨᠳᠦᠷ ᠦᠷ᠎ᠡ ᠠᠰᠢᠭ ᠬᠦᠷᠲᠡᠵᠠᠢ᠃ ᠦᠢᠷ᠎ᠠ ᠶᠢᠨ ᠬᠤᠶᠠᠷ ᠵᠢᠯ ᠡᠳᠡᠨᠠᠶᠢᠬᠢᠨ ᠦᠬᠢᠨ ᠲᠤᠭᠤᠯ ᠎ ᠢᠶᠠᠨ 1 ᠲᠦᠮᠡᠨ ᠲᠦᠬᠦᠷᠢᠭ᠂ ᠪᠤᠬ᠎ᠠ ᠲᠤᠭᠤᠯ ᠢᠶᠠᠨ 16000 ᠲᠦᠬᠦᠷᠢᠭ ᠢᠶᠠᠷ ᠪᠤᠷᠤᠯᠠᠭᠤᠯᠤᠭᠰᠠᠨ ᠪᠦᠬᠡᠳ ᠦᠢᠷ᠎ᠠ ᠬᠠᠪᠢ ᠶᠢᠨ ᠮᠠᠯᠴᠢᠳ ᠲᠠᠭᠠᠨ ᠦᠬᠡᠷ ᠮᠠᠯᠵᠢᠬᠤ ᠲᠤᠷᠰᠢᠯᠭ᠎ᠠ ᠮᠡᠷᠭᠡᠵᠢᠯ ᠢᠶᠠᠨ ᠵᠢᠯᠤᠭᠤᠳᠴᠦ ᠢᠷᠡᠪᠡ᠃     ᠤᠷᠴᠢᠮ ᠤᠨ ᠵᠢᠯ ᠠᠴᠠ ᠪᠠᠶᠢᠭᠠᠯᠢ ᠶᠢᠨ ᠭᠠᠨᠭ᠌ ᠭᠠᠮᠰᠢᠭ ᠤᠯᠠᠰᠢᠷᠠᠵᠦ᠂ ᠬᠠᠳᠤᠯᠠᠩ ᠪᠡᠯᠴᠢᠭᠡᠷ ᠤᠨ ᠤᠷᠭᠤᠴᠠ ᠮᠠᠭᠤᠳᠠᠭᠰᠠᠨ ᠪᠠ ᠵᠠᠬ᠎ᠠ ᠳᠡᠯᠭᠡᠬᠦᠷ ᠤᠨ ᠡᠪᠡᠰᠦ ᠪᠤᠷᠳᠤᠭᠠᠨ ᠤ ᠦᠨ᠎ᠡ ᠬᠠᠨᠭ᠍ᠰᠢ ᠦᠨᠳᠦᠷ ᠠᠴᠠ ᠮᠠᠯ ᠲᠡᠵᠢᠭᠡᠯ ᠤᠨ ᠦᠷᠳᠡᠭ ᠳᠡᠭᠡᠭᠰᠢᠯᠡᠵᠦ᠂ ᠮᠠᠯ ᠤᠨ ᠦᠨ᠎ᠡ ᠲᠤᠷᠤᠭᠰᠢᠯᠠᠨ ᠮᠠᠯᠵᠢᠬᠤ ᠡᠷᠦᠬᠡ ᠶᠢᠨ ᠤᠷᠤᠯᠭ᠎ᠠ ᠵᠠᠷᠤᠯᠭ᠎ᠠ ᠳᠠᠭᠠᠨ ᠬᠦᠷᠬᠦ ᠦᠬᠡᠢ ᠪᠠᠶᠢᠳᠠᠯ ᠭᠠᠷᠴᠦ ᠪᠤᠢ᠃ ᠡᠨᠡᠬᠦ ᠪᠠᠶᠢᠳᠠᠯ ᠳᠤ ᠴᠢᠭᠯᠡᠬᠦᠯᠦᠨ ᠪᠠᠲᠦᠮᠦ᠋ᠡᠭᠬᠡ ᠦᠬᠡᠷ ᠢᠶᠠᠨ ᠦᠰᠭᠡᠵᠦ᠂ ᠤᠷᠤᠯᠭ᠎ᠠ ᠪᠠᠨ ᠨᠡᠮᠡᠭᠳᠡᠬᠦᠯᠵᠦ ᠵᠠᠷᠤᠯᠭ᠎ᠠ ᠪᠠᠨ ᠪᠠᠭᠠᠰᠬᠠᠬᠤ ᠰᠤᠳᠤᠯᠵᠦ ᠰᠦᠪᠡᠭᠴᠢᠯᠡᠨ᠂ 2022 ᠤᠨ ᠳᠤ ᠦᠪᠡᠷᠳᠡᠭᠡᠨ ᠬᠤᠯᠢᠮᠠᠭ ᠪᠤᠷᠳᠤᠭ᠎ᠠ ᠪᠤᠯᠪᠠᠰᠤᠷᠠᠭᠤᠯᠵᠦ ᠲᠤᠷᠰᠢᠨ ᠲᠡᠵᠢᠭᠡᠭᠡᠳ᠂ ᠮᠠᠯ ᠤᠨ ᠲᠠᠷᠭᠤ ᠬᠦᠴᠦ ᠨᠢ ᠮᠡᠳᠡᠭᠳᠡᠮ᠎ᠡ ᠨᠡᠮᠡᠭᠳᠡᠵᠦ᠂ ᠦᠯᠡᠮᠵᠢ ᠦᠷ᠎ᠡ ᠠᠰᠢᠭ ᠤᠯᠤᠭᠰᠠᠨ ᠪᠠᠶᠢᠨ᠎ᠠ᠃     ᠡᠶᠢᠨᠬᠦ ᠮᠠᠯᠴᠢᠨ ᠪᠠᠲᠦᠮᠦ᠋ᠡᠭᠬᠡ ᠮᠠᠯᠴᠢᠨ ᠲᠦᠮᠡᠨ ᠳᠡᠭᠡᠨ ᠴᠦ ᠲᠦᠬᠦᠮ ᠦᠵᠡᠬᠦᠯᠵᠦ᠂ ᠡᠪᠡᠰᠦ ᠪᠤᠷᠳᠤᠭᠠᠨ ᠤ ᠵᠠᠷᠤᠳᠠᠯ ᠢ ᠨᠢ ᠪᠠᠭ᠎ᠠ ᠴᠦ ᠬᠡᠰᠡᠨ ᠬᠦᠡᠭᠬᠡᠯᠡᠬᠦ ᠵᠤᠷᠢᠯᠭ᠎ᠠ ᠪᠠᠷ 30 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠡᠨᠡ ᠵᠢᠯ ᠤᠨ 3 ᠰᠠᠷ᠎ᠠ ᠶᠢᠨ 15᠎ ᠤ ᠡᠳᠦᠷ ᠪᠠᠯᠭᠠᠰᠤᠨ ᠲᠦᠪ ᠲᠡᠭᠡᠨ ᠪᠤᠰᠤᠳ ᠲᠠᠢ ᠬᠤᠷᠰᠢᠵᠦ᠂ ᠭᠤᠷᠤᠬᠠᠨ ᠪᠠᠯᠭᠠᠰᠤᠨ ᠤ ᠨᠠᠮ ᠵᠠᠰᠠᠭ ᠤᠨ ᠳᠡᠮᠵᠢᠯᠭᠡ ᠲᠠᠢ 500 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ︽ᠬᠠᠳᠠᠳᠦ ᠬᠡᠷ ᠪᠦᠯᠢ ᠶᠢᠨ ᠮᠠᠯᠵᠢᠯ ᠎ ᠤᠨ ᠲᠠᠯᠠᠪᠠᠢ ᠶᠢᠨ ᠲᠡᠵᠢᠭᠡᠯ ᠡᠪᠡᠰᠦ ᠪᠤᠯᠪᠠᠰᠤᠷᠠᠭᠤᠯᠬᠤ ᠴᠡᠭ︾᠎ ᠢᠶᠠᠨ ᠠᠰᠢᠭᠯᠠᠯᠲᠠ ᠳᠤ ᠤᠷᠤᠭᠤᠯᠵᠦ᠂ ᠭᠤᠤᠯᠳᠠᠭᠤ ᠨᠤᠲᠤᠭ ᠤᠨ ᠡᠪᠡᠰᠦ᠂ ᠲᠠᠷᠢᠶᠠᠨ ᠤ ᠡᠰᠢ ᠰᠦᠷᠡᠯ᠂ ᠨᠤᠭᠤᠭᠠᠨ ᠲᠠᠷᠤᠰᠢ᠂ ᠪᠤᠷᠴᠠᠭ ᠤᠨ ᠲᠦᠷᠦᠯ᠂ ᠡᠷᠳᠡᠨᠢ ᠰᠢᠰᠢ ᠶᠢᠨ ᠭᠤᠯᠢᠷ᠂ ᠨᠠᠷᠢᠯᠢᠭ ᠪᠤᠷᠳᠤᠭ᠎ᠠ᠂ ᠰᠦᠳᠠ᠂ ᠲᠠᠪᠤᠰᠦ ᠵᠡᠷᠭᠡ ᠰᠢᠮ᠎ᠡ ᠲᠡᠵᠢᠭᠡᠯᠳᠦ ᠪᠤᠳᠠᠰ ᠢ ᠨᠡᠶᠢᠯᠡᠬᠦᠯᠵᠦ᠂ ᠮᠠᠯ ᠤᠨ ᠪᠡᠶ᠎ᠡ ᠎ ᠳᠤ ᠴᠢᠬᠤᠯᠠ ᠱᠠᠭᠠᠷᠳᠠᠭᠳᠠᠬᠤ ᠸᠢᠲ᠋ᠠᠮᠢᠨ ᠤ ᠲᠦᠷᠦᠯ᠂ ᠪᠢᠴᠢᠯ ᠡᠯᠧᠮᠧᠨ᠋ᠲ ᠶᠢ ᠰᠢᠨᠵᠢᠯᠡᠬᠦ ᠤᠬᠠᠭᠠᠨᠴᠢ ᠪᠠᠷ ᠬᠤᠯᠢᠵᠦ ᠨᠠᠶᠢᠷᠠᠭᠤᠯᠵᠦ ᠪᠤᠷᠤᠯᠠᠭᠤᠯᠤᠨ᠂ ᠠᠵᠢᠯ ᠡᠬᠢᠯᠡᠬᠦᠯᠦᠭᠰᠡᠨ ᠬᠠᠭᠠᠰ ᠰᠠᠷ᠎ᠠ ᠶᠢᠨ ᠬᠤᠭᠤᠴᠠᠭᠠᠨ ᠳᠤ 100 ᠭᠠᠷᠤᠢ ᠲᠤᠨ ᠬᠤᠯᠢᠮᠠᠭ ᠲᠡᠵᠢᠭᠡᠯ ᠦᠢᠯᠡᠳᠪᠦᠷᠢᠯᠡᠨ ᠪᠤᠷᠤᠯᠠᠭᠤᠯᠤᠭᠰᠠᠨ ᠪᠠᠶᠢᠨ᠎ᠠ᠃     ︽ᠳᠠᠭᠤᠷᠢᠶᠠᠯ ᠤᠨ ᠬᠦᠴᠦᠨ ᠬᠢᠵᠠᠭᠠᠷᠯᠠᠰᠢ ᠦᠬᠡᠢ︾᠃ ᠮᠠᠯᠴᠢᠨ ᠪᠠᠳᠦ᠋ᠮᠦᠩᠬᠡ ᠶᠢᠨ ᠦᠪᠡᠷ ᠢᠶᠠᠨ ᠰᠡᠳᠦᠵᠦ ᠤᠷᠤᠨ ᠨᠤᠲᠤᠭ ᠳᠠᠠᠨ ᠠᠩᠬᠠᠳᠤᠭᠴᠢ ᠲᠡᠵᠢᠭᠡᠯ ᠡᠪᠡᠰᠦ ᠪᠤᠯᠪᠠᠰᠤᠷᠠᠭᠤᠯᠬᠤ ᠴᠡᠭ ᠪᠠᠶᠢᠭᠤᠯᠤᠭᠰᠠᠨ ᠨᠢ ᠮᠠᠯᠴᠢᠨ ᠲᠦᠮᠡᠨ ᠤ ᠎ ᠪᠠᠨ ᠬᠦᠷᠢᠶᠡᠯᠡᠯ ᠢ ᠤᠯᠵᠦ᠂ ᠬᠠᠮᠲᠤᠪᠠᠷ ᠪᠦᠯᠬᠦᠳᠡᠮ ᠬᠦᠳᠡᠭᠡ ᠲᠤᠰᠬᠤᠨ ᠢᠶᠠᠨ ᠬᠦᠭᠵᠢᠬᠦᠯᠦᠨ ᠮᠠᠨᠳᠤᠭᠤᠯᠬᠤ ᠳᠤ ᠲᠦᠯᠬᠢᠴᠡ ᠬᠦᠴᠦᠨ ᠪᠤᠯᠵᠦ᠂ ᠵᠤᠷᠢᠭᠰᠠᠨ ᠦᠢᠯᠡᠰ ᠨᠢ ᠵᠠᠭᠤᠨ ᠤᠯᠠᠨ ᠳᠠᠭᠠᠨ ᠠᠴᠢ ᠲᠤᠰᠠ ᠪᠤᠯᠬᠤ ᠨᠢ ᠯᠠᠪᠲᠠᠢ ᠶᠤᠮ ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号