ᠪᠠᠷᠠᠭᠤᠨ ᠦᠵᠦᠮᠦᠴᠢᠨ ᠬᠤᠰᠢᠭᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/8
     4 ᠰᠠᠷ᠎ᠠ ᠶᠢᠨ 2 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ  ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠤᠯᠪᠠᠰᠤᠨ ᠤ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ  ᠠᠴᠠ ᠬᠠᠮᠲᠤᠷᠠᠨ ᠡᠷᠭᠢᠯᠡᠭᠰᠡᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠠᠵᠢᠯᠯᠠᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ — ᠪᠤᠷᠭᠠᠰᠣᠳᠠᠢ ᠳᠠᠬᠢ ᠬᠤᠪᠢᠰᠬᠠᠯᠳᠣ ᠦᠷᠡᠭᠳᠡᠭᠰᠡᠨ ᠪᠠᠭᠠᠲᠤᠷᠴᠤᠳ ᠤᠨ ᠣᠩᠭᠤᠨ ᠳᠤ ᠶᠠᠪᠤᠭᠳᠠᠪᠠ᠃
          ᠦᠳᠡ ᠶᠢᠨ ᠡᠮᠦᠨᠡᠬᠢ 10 ᠴᠠᠭ ᠲᠤ᠂ ᠰᠦᠷ ᠵᠢᠪᠬᠤᠯᠠᠩᠲᠤ ᠤᠯᠤᠰ ᠤᠨ ᠲᠠᠭᠤᠨ ᠤ  ᠳᠤᠮᠳᠠ ᠳᠠᠬᠢᠯᠭ᠎ᠠ  ᠶᠢᠨ ᠠᠵᠢᠯᠯᠠᠭ᠎ᠠ ᠡᠬᠢᠯᠠᠨ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ᠂ ᠡᠪᠯᠡᠯ ᠤᠨ ᠭᠡᠰᠢᠭᠦᠨ ᠤ ᠲᠥᠯᠥᠭᠡᠯᠡᠭᠴᠢ᠂ ᠠᠵᠤ ᠠᠬᠤᠶᠢᠯᠠᠯ ᠤᠨ ᠠᠵᠢᠯᠲᠠᠳ ᠠᠴᠠ 69 ᠦᠷᠡᠭᠳᠡᠭᠰᠡᠨ ᠪᠠᠭᠠᠲᠤᠷᠴᠤᠳ ᠤᠨ ᠲᠤᠷᠠᠰᠬᠠᠯ ᠤᠨ ᠭᠦᠰᠢᠶᠠᠨ ᠳᠤ ᠰᠣᠷᠭᠤᠭ ᠴᠡᠴᠡᠭ ᠭᠦᠷᠬᠡᠨ ᠭᠤᠷᠪᠠᠨᠲᠠ ᠶᠣᠰᠣᠯᠠᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠵᠡᠢ᠃
           ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠶᠠᠷᠢᠶᠠᠨ ᠳᠠᠭᠠᠨ᠂ ᠪᠦᠭᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠵᠢᠴᠢ ᠡᠪᠯᠡᠯ ᠤᠨ ᠭᠡᠰᠢᠭᠦᠨ ᠵᠠᠯᠠᠭᠤᠴᠤᠳ ᠪᠠᠭᠠᠴᠤᠳ ᠢ ᠦᠷᠡᠭᠳᠡᠭᠰᠡᠨ ᠪᠠᠭᠠᠲᠤᠷᠴᠤᠳ ᠢ ᠲᠤᠷᠰᠬᠠᠬᠤ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠠᠷᠢᠭᠦᠨ ᠤ ᠵᠢᠱᠢᠶᠡᠴᠢ ᠠᠴᠠ ᠰᠤᠷᠤᠯᠴᠠᠵᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ ᠪᠣᠯᠬᠤ ᠪᠠᠷ  ᠴᠢᠷᠮᠠᠶᠢᠵᠦ  ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠠᠭᠠᠲᠤᠷ ᠵᠢᠱᠢᠶᠡᠴᠢ ᠲᠠᠢ ᠠᠳᠠᠯᠢ ᠪᠠᠷ ᠴᠢᠷᠮᠠᠶᠢᠨ ᠲᠡᠮᠡᠴᠡᠬᠦ ᠶᠢ ᠬᠥᠲᠥᠯᠥᠨ ᠵᠢᠯᠤᠭᠤᠳᠴᠤ᠂ ᠪᠠᠭᠠᠲᠤᠷᠯᠢᠭ ᠵᠣᠷᠢᠭ ᠰᠠᠨᠠᠭ᠎ᠠ᠂ ᠡᠷᠬᠢᠮ ᠳᠡᠭᠡᠳᠦ ᠢᠲᠡᠭᠡᠯ ᠪᠢᠰᠢᠷᠡᠯ ᠪᠠ ᠶᠣᠰᠣ ᠰᠤᠷᠲᠠᠬᠤᠨ ᠢ ᠡᠳᠦᠷ ᠲᠤᠲᠤᠮ ᠤᠨ ᠠᠵᠢᠯ ᠠᠮᠢᠳᠤᠷᠠᠯ ᠳᠤ ᠠᠭᠤᠰᠬᠠᠵᠤ᠂ ᠰᠢᠨ᠎ᠡ ᠴᠠᠭ ᠦᠶ᠎ᠡ ᠶᠢᠨ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠠ ᠬᠠᠭᠤᠳᠠᠰᠤ  ᠶᠢ ᠬᠠᠮᠲᠤ ᠪᠠᠷ ᠪᠢᠴᠢᠭᠯᠡᠶ᠎ᠡ ᠬᠡᠵᠦ ᠤᠷᠢᠶᠠᠯᠠᠵᠠᠢ᠃
           ᠠᠵᠢᠯᠯᠠᠭ᠎ᠠ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠰᠠᠶᠢᠨ ᠲᠤᠷᠠᠴᠤᠤᠯ ᠤᠨ ᠲᠥᠯᠥᠭᠡᠯᠡᠭᠴᠢ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠭᠦᠰᠢᠶᠠᠨ ᠤ ᠳᠣᠣᠷ᠎ᠠ ᠶᠠᠷᠢᠶ᠎ᠠ ᠲᠠᠯᠪᠢᠵᠦ᠂ ᠦᠷᠡᠭᠳᠡᠭᠰᠡᠨ ᠪᠠᠭᠠᠲᠤᠷᠴᠤᠳ ᠲᠠᠭᠠᠨ ᠬᠦᠨᠳᠦᠳᠬᠡᠯ ᠳᠡᠪᠰᠢᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号