ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠴᠠᠯᠢᠩ ᠣᠯᠭᠤᠮᠵᠢ ᠶᠢ ᠥᠷᠢᠳᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠨᠢᠭᠡᠳᠤᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/8
     4 ᠰᠠᠷ᠎ᠠ ᠶᠢᠨ 3 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠨᠢᠭᠡᠳᠤᠭᠡᠷ ᠤᠳᠠᠭᠠᠨ ᠤ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ 2023 ᠣᠨ ᠠᠴᠠ ᠨᠠᠰᠢᠬᠢ ᠪᠥᠬᠦ ᠬᠤᠰᠢᠭᠤᠨ ᠤ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᠶᠦᠩ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     ᠬᠤᠷᠠᠯ ᠠᠴᠠ ᠵᠢᠭᠠᠭᠰᠠᠨ ᠨᠢ᠂ 2023 ᠣᠨ ᠠᠴᠠ ᠨᠠᠰᠢ ᠡᠯ᠎ᠡ ᠰᠠᠯᠠᠭ᠎ᠠ ᠮᠥᠴᠢᠷ ᠤᠨ ᠬᠢᠨ ᠠᠵᠢᠯ ᠲᠦᠷᠦᠯ  ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠲᠠ ᠬᠠᠮᠵᠢᠯᠴᠠᠵᠤ ᠬᠦᠴᠦ ᠪᠠᠨ ᠬᠠᠮᠲᠤᠳᠬᠠᠨ᠂ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ ᠠᠵᠢᠯ ᠢ ᠢᠳᠡᠪᠬᠢᠲᠡᠢ ᠠᠬᠢᠭᠤᠯᠵᠤ᠂ ᠰᠠᠶᠢᠨ ᠠᠬᠢᠴᠠ ᠪᠠ ᠦᠷ᠎ᠡ ᠪᠦᠲᠦᠮᠵᠢ ᠣᠯᠵᠠᠢ᠃ ᠭᠡᠪᠡᠴᠦ ᠪᠦᠭᠦ ᠬᠤᠰᠢᠭᠤᠨ ᠤ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠢᠯᠠᠨ ᠳᠠᠪᠠᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠠᠯᠢᠩ ᠣᠯᠭᠤᠮᠵᠢ ᠶᠢ ᠥᠷᠢᠲᠦᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠬᠦᠴᠦᠲᠡᠢ ᠠᠬᠢᠭᠤᠯᠬᠤ   ᠬᠡᠷᠡᠭᠲᠡᠢ ᠭᠡᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ  ᠨᠢ ᠵᠠᠰᠠᠬᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢᠨ ᠡᠷᠬᠡ ᠠᠰᠢᠭ ᠢ ᠪᠦᠲᠦᠮᠵᠢᠲᠡᠶ ᠪᠠᠲᠤᠯᠠᠬᠤ ᠬᠡᠷᠡᠭᠲᠡᠢ᠃ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠦ  ᠪᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠴᠠᠯᠢᠩ ᠣᠯᠭᠤᠮᠵᠢ ᠶᠢ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠶᠢ ᠠᠬᠢᠭᠤᠯᠤᠨ᠂ ᠬᠥᠯᠥᠰᠦᠨ ᠠᠵᠢᠯᠴᠢᠨ ᠪᠣᠯᠣᠨ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠴᠠᠯᠢᠩ ᠣᠯᠭᠤᠮᠵᠢ ᠶᠢ ᠥᠷᠢᠲᠦᠬᠦ ᠡᠷᠬᠡ ᠪᠠᠨ ᠬᠠᠮᠠᠭᠠᠯᠠᠬᠤ ᠳᠤ ᠰᠢᠯᠢᠳᠡᠭ ᠦᠢᠯᠡᠴᠢᠯᠡᠭᠡ ᠬᠠᠩᠭᠠᠵᠤ᠂ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠳᠤ ᠰᠢᠨ᠎ᠡ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠠᠢ᠃    ᠬᠤᠷᠠᠯ ᠳᠡᠭᠡᠷ᠎ᠡ᠂ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2023 ᠣᠨ ᠠᠴᠠ ᠨᠠᠰᠢᠬᠢ ᠪᠥᠬᠦ ᠬᠤᠰᠢᠭᠤᠨ ᠤ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠡᠢ᠃ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠴᠠᠬᠢᠯᠭᠠᠨ ᠬᠠᠩᠭᠠᠯᠭ᠎ᠠ ᠶᠢᠨ ᠺᠣᠮᠫᠠᠨᠢ ᠨᠢ ᠲᠣᠰ ᠲᠣᠰ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷ᠎ᠠ ᠳᠠᠬᠢ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠡᠢ᠃ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠫᠢᠩ ᠰᠢ ᠶᠢᠨ ᠪᠠᠶᠠᠨᠬᠤᠸᠠ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠨᠡᠶᠢᠲᠡᠯᠢᠭ ᠰᠣᠯᠢᠯᠴᠠᠭᠠᠨ ᠤ ᠶᠠᠷᠢᠶ᠎ᠠ ᠲᠠᠯᠪᠢᠵᠤ᠂ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠣᠯ ᠠᠶᠢᠮᠠᠭ︶ ᠤ ᠬᠢᠵᠠᠭᠠᠷᠲᠤ ᠺᠣᠮᠫᠠᠨᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ᠂ 2023 ᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠮᠵᠢ ᠶᠢ ᠪᠠᠲᠤᠯᠠᠬᠤ ᠠᠵᠢᠯ ᠤᠨ ᠲᠡᠷᠢᠭᠦᠨ ᠤ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠪᠠ᠃    ᠬᠤᠰᠢᠭᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠮᠵᠢ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠦᠢᠯᠡᠳᠪᠦᠷᠢ ᠠᠭᠤᠷᠬᠠᠢ᠂ ᠡᠨᠧᠷᠭᠢ ᠶᠢᠨ ᠠᠵᠤ ᠠᠬᠤᠶᠢᠯᠠᠯ ᠪᠠ ᠬᠡᠰᠡᠭ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠬᠤᠷᠠᠯ ᠳᠤ ᠣᠷᠣᠯᠴᠠᠵᠠᠢ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号