ᠪᠠᠷᠠᠭᠤᠨ ᠦᠵᠦᠮᠦᠴᠢᠨ ᠬᠤᠰᠢᠭᠤ ᠬᠤᠯᠤᠭᠠᠨ᠎ᠠ ᠶᠢᠨ ᠬᠢᠵᠢᠭ ᠤᠨ ᠲᠡᠦᠬᠡᠨ ᠬᠢᠵᠢᠭ ᠤᠨ ᠴᠡᠭ ᠲᠤ ᠬᠠᠮᠠᠭᠠᠯᠠᠯᠲᠠ ᠶᠢᠨ ᠴᠢᠨᠠᠷᠲᠠᠢ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/8
                                        ᠬᠠᠪᠤᠷ ᠤᠨ ᠤᠯᠠᠷᠢᠯ ᠪᠣᠯ ᠬᠤᠯᠤᠭᠠᠨ᠎ᠠ ᠶᠢᠨ ᠲᠥᠷᠥᠯ ᠤᠨ ᠠᠮᠢᠲᠠᠨ ᠤ ᠦᠷᠡᠵᠢᠵᠦ ᠲᠥᠯᠵᠢᠬᠦ ᠣᠷᠭᠢᠯ ᠬᠤᠭᠤᠴᠠᠭ᠎ᠠ ᠪᠣᠯᠣᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠲᠡᠦᠬᠡᠨ ᠬᠢᠵᠢᠭ  ᠤᠨ ᠣᠷᠣᠨ ᠤ ᠬᠤᠯᠤᠭᠠᠨ᠎ᠠ ᠶᠢ ᠪᠦᠲᠦᠮᠵᠢᠲᠡᠶ ᠪᠠᠭᠠᠰᠬᠠᠨ ᠬᠤᠯᠤᠭᠠᠨ᠎ᠠ ᠶᠢᠨ ᠬᠢᠵᠢᠭ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠦᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠵᠢᠷ ᠤᠨ ᠭᠤᠣᠯ ᠪᠠᠯᠭᠠᠰᠤ᠂ ᠪᠠᠶᠠᠨᠲᠠᠯ᠎ᠠ ᠭᠠᠴᠠᠭ᠎ᠠ ᠬᠠᠮᠲᠤᠷᠠᠨ ᠬᠤᠯᠤᠭᠠᠨ᠎ᠠ ᠶᠢᠨ ᠬᠢᠵᠢᠭ ᠤᠨ ᠲᠡᠦᠬᠡᠨ ᠬᠢᠵᠢᠭ ᠤᠨ ᠴᠡᠭ ᠲᠤ ᠬᠠᠮᠠᠭᠠᠯᠠᠯᠲᠠ ᠶᠢᠨ ᠴᠢᠨᠠᠷᠲᠠᠢ ᠪᠠᠷ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠬᠤ ᠠᠵᠢᠯ ᠥᠷᠨᠢᠭᠦᠯᠪᠡ᠃
       ᠬᠤᠯᠤᠭᠠᠨ᠎ᠠ ᠤᠰᠠᠳᠬᠠᠬᠤ ᠠᠵᠢᠯᠲᠠᠳ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠡᠦᠬᠡᠨ ᠬᠢᠵᠢᠭ ᠤᠨ ᠴᠡᠭ ᠤᠨ 5Km ᠤᠨ ᠬᠡᠪᠴᠢᠶᠡᠨ ᠳᠠᠬᠢ ᠮᠠᠯᠴᠢᠨ ᠡᠷᠦᠬᠡ ᠶᠢᠨ ᠭᠡᠷ ᠤᠨ ᠡᠷᠭᠢᠨ ᠲᠣᠭᠤᠷᠢᠨ ᠤ 200 ᠮᠧᠲᠷ ᠤᠨ ᠬᠡᠪᠴᠢᠶᠡᠨ ᠳᠤ ᠬᠤᠯᠤᠭᠠᠨ᠎ᠠ ᠤᠰᠠᠳᠬᠠᠵᠤ᠂ ᠭᠤᠣᠯᠳᠠᠯᠭ᠎ᠠ ᠲᠠᠢ ᠭᠠᠵᠠᠷ ᠣᠷᠣᠨ ᠳᠤ ᠳᠠᠬᠢᠨ ᠳᠠᠪᠲᠠᠨ ᠪᠠᠶᠢᠴᠠᠭᠠᠯᠲᠠ ᠬᠢᠵᠦ᠂ ᠰᠡᠷᠭᠡᠶᠢᠯᠡᠯᠲᠡ ᠶᠢ  ᠪᠣᠳᠠᠲᠠᠶᠢᠵᠢᠭᠤᠯᠪᠠ᠃ ᠡᠭᠦᠨ ᠤ ᠬᠠᠮᠲᠤ ᠭᠤᠣᠯᠳᠠᠯᠭ᠎ᠠ ᠲᠠᠢ ᠬᠥᠮᠥᠰ ᠲᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠬᠠᠢ ᠤᠬᠠᠭᠤᠯᠭ᠎ᠠ ᠶᠢᠨ ᠪᠣᠳᠠᠰ ᠵᠡᠷᠭᠡ ᠶᠢ ᠲᠠᠷᠬᠠᠭᠠᠵᠤ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠵᠤ᠂ ᠡᠪᠡᠳᠴᠢᠨ ᠬᠢᠵᠢᠭ ᠢ ᠰᠡᠷᠭᠡᠶᠢᠯᠡᠨ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠳᠤ ᠨᠢ ᠵᠢᠭᠠᠨ ᠵᠢᠯᠣᠭᠤᠳᠤᠯᠭ᠎ᠠ ᠬᠠᠩᠭᠠᠵᠠᠢ᠃
   ᠲᠣᠰ ᠤᠳᠠᠭᠠᠨ ᠤ ᠬᠠᠮᠠᠭᠠᠯᠠᠯᠲᠠ ᠶᠢᠨ ᠴᠢᠨᠠᠷᠲᠠᠢ ᠬᠤᠯᠤᠭᠠᠨ᠎ᠠ ᠤᠰᠠᠳᠬᠠᠬᠤ ᠠᠵᠢᠯ ᠨᠢ  ᠬᠠᠷᠢᠶ᠎ᠠ ᠣᠷᠣᠨ ᠤ ᠬᠤᠯᠤᠭᠠᠨ᠎ᠠ ᠶᠢᠨ ᠨᠢᠭᠲᠠᠴᠠ ᠶᠢ ᠦᠨᠡᠨ ᠬᠦ ᠪᠠᠭᠠᠰᠬᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠬᠤᠯᠤᠭᠠᠨ᠎ᠠ ᠶᠢᠨ ᠬᠢᠵᠢᠭ ᠤᠨ ᠡᠭᠦᠰᠬᠦ ᠪᠠ ᠳᠡᠯᠭᠡᠷᠡᠬᠦ ᠶᠢ ᠬᠤᠷᠢᠭᠯᠠᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠳᠤ᠂ ᠵᠢᠩ ᠨᠧᠩ ︵ᠰᠢᠯᠢ ᠶᠢᠨ ᠭᠤᠣᠯ︶ ᠤᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠠᠴᠠ ᠭᠠᠯ ᠤᠨᠲᠠᠷᠠᠭᠠᠬᠤ ᠲᠡᠷᠭᠡ ᠬᠠᠩᠭᠠᠨ᠂ ᠬᠡᠭᠡᠷ᠎ᠡ ᠭᠠᠳᠠᠨ᠎ᠠ ᠠᠵᠢᠯᠯᠠᠨ᠂ ᠬᠤᠯᠤᠭᠠᠨ᠎ᠠ ᠤᠰᠠᠳᠬᠠᠬᠤ ᠪᠥᠬᠦ ᠶᠠᠪᠤᠴᠠ ᠶᠢᠨ ᠠᠮᠤᠷ ᠲᠦᠪᠰᠢᠨ ᠢ ᠪᠠᠲᠤᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号