ᠮᠠᠯᠴᠢᠨ ᠤ ᠡᠷᠬᠢᠯᠡᠭᠰᠡᠨ ᠠᠩᠬᠠᠳᠤᠭᠴᠢ ᠬᠤᠯᠢᠮᠠᠭ ᠡᠪᠡᠰᠦ ᠪᠤᠯᠪᠠᠰᠤᠷᠠᠭᠤᠯᠬᠤ ᠲᠠᠰᠤᠭ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2024/4/8
    ᠪᠠᠲᠤᠮᠦ᠋ᠡᠭᠬᠡ ᠪᠤᠯ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠪᠤᠷᠤᠪᠤᠯᠠᠭ ᠭᠠᠴᠠᠭᠠᠨ ᠤ ᠨᠠᠮ  ᠤᠨ ᠡᠬᠦᠷ ᠤᠨ ᠱᠦᠵᠢ᠂ ᠡᠷᠬᠢᠯᠡᠭᠴᠢ ᠶᠢᠨ ᠲᠤᠰᠢᠶᠠᠯ ᠳᠤ ᠬᠠᠮᠲᠤᠪᠠᠷ ᠴᠢᠨᠡᠭᠡᠯᠢᠭᠵᠢᠬᠦ ᠵᠠᠮ ᠶᠢᠨ ᠳᠠᠭᠠᠭᠤᠯᠤᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ ᠶᠠᠪᠤᠨ᠎ᠠ᠃ ᠡᠳᠡᠨᠠᠶᠢᠬᠢᠨ ︽ᠬᠤᠨᠢ ᠪᠠᠨ ᠴᠦᠭᠡᠴᠡᠯᠡᠵᠦ᠂ ᠦᠬᠡᠷ ᠦᠰᠭᠡᠬᠦ︾ ᠲᠦᠷᠦ ᠶᠢᠨ ᠪᠤᠳᠤᠯᠭ᠎ᠠ ᠪᠠᠷ ᠡᠷᠳᠡ ᠠᠴᠠ ᠦᠬᠡᠷ ᠤᠨ ᠡᠬᠦᠯᠳᠡᠷ ᠢᠶᠠᠨ ᠰᠠᠶᠢᠵᠢᠷᠠᠭᠤᠯᠬᠤ ᠠᠵᠢᠯ ᠢ ᠰᠠᠶᠢᠳᠦᠷ ᠬᠢᠵᠦ᠂ ᠪᠤᠷᠳᠤᠨ ᠲᠠᠷᠭᠤᠯᠠᠭᠤᠯᠵᠦ ᠦᠨᠳᠦᠷ ᠦᠷ᠎ᠡ ᠠᠰᠢᠭ ᠬᠦᠷᠲᠡᠵᠠᠢ᠃ ᠦᠢᠷ᠎ᠠ ᠶᠢᠨ ᠬᠤᠶᠠᠷ ᠵᠢᠯ ᠡᠳᠡᠨᠠᠶᠢᠬᠢᠨ ᠦᠬᠢᠨ ᠲᠤᠭᠤᠯ  ᠢᠶᠠᠨ 1 ᠲᠦᠮᠡᠨ ᠲᠦᠬᠦᠷᠢᠭ᠂ ᠪᠤᠬ᠎ᠠ ᠲᠤᠭᠤᠯ ᠢᠶᠠᠨ 16000 ᠲᠦᠬᠦᠷᠢᠭ ᠢᠶᠠᠷ ᠪᠤᠷᠤᠯᠠᠭᠤᠯᠤᠭᠰᠠᠨ ᠪᠦᠬᠡᠳ ᠦᠢᠷ᠎ᠠ ᠬᠠᠪᠢ ᠶᠢᠨ ᠮᠠᠯᠴᠢᠳ ᠲᠠᠭᠠᠨ ᠦᠬᠡᠷ ᠮᠠᠯᠵᠢᠬᠤ ᠲᠤᠷᠰᠢᠯᠭ᠎ᠠ ᠮᠡᠷᠭᠡᠵᠢᠯ ᠢᠶᠠᠨ ᠵᠢᠯᠤᠭᠤᠳᠴᠦ ᠢᠷᠡᠪᠡ᠃     ᠤᠷᠴᠢᠮ ᠤᠨ ᠵᠢᠯ ᠠᠴᠠ ᠪᠠᠶᠢᠭᠠᠯᠢ ᠶᠢᠨ ᠭᠠᠨᠭ᠌ ᠭᠠᠮᠰᠢᠭ ᠤᠯᠠᠰᠢᠷᠠᠵᠦ᠂ ᠬᠠᠳᠤᠯᠠᠩ ᠪᠡᠯᠴᠢᠭᠡᠷ ᠤᠨ ᠤᠷᠭᠤᠴᠠ ᠮᠠᠭᠤᠳᠠᠭᠰᠠᠨ ᠪᠠ ᠵᠠᠬ᠎ᠠ ᠳᠡᠯᠭᠡᠬᠦᠷ ᠤᠨ ᠡᠪᠡᠰᠦ ᠪᠤᠷᠳᠤᠭᠠᠨ ᠤ ᠦᠨ᠎ᠡ ᠬᠠᠨᠭ᠍ᠰᠢ ᠦᠨᠳᠦᠷ ᠠᠴᠠ ᠮᠠᠯ ᠲᠡᠵᠢᠭᠡᠯ ᠤᠨ ᠦᠷᠳᠡᠭ ᠳᠡᠭᠡᠭᠰᠢᠯᠡᠵᠦ᠂ ᠮᠠᠯ ᠤᠨ ᠦᠨ᠎ᠡ ᠲᠤᠷᠤᠭᠰᠢᠯᠠᠨ ᠮᠠᠯᠵᠢᠬᠤ ᠡᠷᠦᠬᠡ ᠶᠢᠨ ᠤᠷᠤᠯᠭ᠎ᠠ ᠵᠠᠷᠤᠯᠭ᠎ᠠ ᠳᠠᠭᠠᠨ ᠬᠦᠷᠬᠦ ᠦᠬᠡᠢ ᠪᠠᠶᠢᠳᠠᠯ ᠭᠠᠷᠴᠦ ᠪᠤᠢ᠃ ᠡᠨᠡᠬᠦ ᠪᠠᠶᠢᠳᠠᠯ ᠳᠤ ᠴᠢᠭᠯᠡᠬᠦᠯᠦᠨ ᠪᠠᠲᠦᠮᠦ᠋ᠡᠭᠬᠡ ᠦᠬᠡᠷ ᠢᠶᠠᠨ ᠦᠰᠭᠡᠵᠦ᠂ ᠤᠷᠤᠯᠭ᠎ᠠ ᠪᠠᠨ ᠨᠡᠮᠡᠭᠳᠡᠬᠦᠯᠵᠦ ᠵᠠᠷᠤᠯᠭ᠎ᠠ ᠪᠠᠨ ᠪᠠᠭᠠᠰᠬᠠᠬᠤ ᠰᠤᠳᠤᠯᠵᠦ ᠰᠦᠪᠡᠭᠴᠢᠯᠡᠨ᠂ 2022 ᠤᠨ ᠳᠤ ᠦᠪᠡᠷᠳᠡᠭᠡᠨ ᠬᠤᠯᠢᠮᠠᠭ ᠪᠤᠷᠳᠤᠭ᠎ᠠ ᠪᠤᠯᠪᠠᠰᠤᠷᠠᠭᠤᠯᠵᠦ ᠲᠤᠷᠰᠢᠨ ᠲᠡᠵᠢᠭᠡᠭᠡᠳ᠂ ᠮᠠᠯ ᠤᠨ ᠲᠠᠷᠭᠤ ᠬᠦᠴᠦ ᠨᠢ ᠮᠡᠳᠡᠭᠳᠡᠮ᠎ᠡ ᠨᠡᠮᠡᠭᠳᠡᠵᠦ᠂ ᠦᠯᠡᠮᠵᠢ ᠦᠷ᠎ᠡ ᠠᠰᠢᠭ ᠤᠯᠤᠭᠰᠠᠨ ᠪᠠᠶᠢᠨ᠎ᠠ᠃     ᠡᠶᠢᠨᠬᠦ ᠮᠠᠯᠴᠢᠨ ᠪᠠᠲᠦᠮᠦ᠋ᠡᠭᠬᠡ ᠮᠠᠯᠴᠢᠨ ᠲᠦᠮᠡᠨ ᠳᠡᠭᠡᠨ ᠴᠦ ᠲᠦᠬᠦᠮ ᠦᠵᠡᠬᠦᠯᠵᠦ᠂ ᠡᠪᠡᠰᠦ ᠪᠤᠷᠳᠤᠭᠠᠨ ᠤ ᠵᠠᠷᠤᠳᠠᠯ ᠢ ᠨᠢ ᠪᠠᠭ᠎ᠠ ᠴᠦ ᠬᠡᠰᠡᠨ ᠬᠦᠡᠭᠬᠡᠯᠡᠬᠦ ᠵᠤᠷᠢᠯᠭ᠎ᠠ ᠪᠠᠷ 30 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠡᠨᠡ ᠵᠢᠯ ᠤᠨ 3 ᠰᠠᠷ᠎ᠠ ᠶᠢᠨ 15 ᠤ ᠡᠳᠦᠷ ᠪᠠᠯᠭᠠᠰᠤᠨ ᠲᠦᠪ ᠲᠡᠭᠡᠨ ᠪᠤᠰᠤᠳ ᠲᠠᠢ ᠬᠤᠷᠰᠢᠵᠦ᠂ ᠭᠤᠷᠤᠬᠠᠨ ᠪᠠᠯᠭᠠᠰᠤᠨ ᠤ ᠨᠠᠮ ᠵᠠᠰᠠᠭ ᠤᠨ ᠳᠡᠮᠵᠢᠯᠭᠡ ᠲᠠᠢ 500 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ︽ᠬᠠᠳᠠᠳᠦ ᠬᠡᠷ ᠪᠦᠯᠢ ᠶᠢᠨ ᠮᠠᠯᠵᠢᠯ  ᠤᠨ ᠲᠠᠯᠠᠪᠠᠢ ᠶᠢᠨ ᠲᠡᠵᠢᠭᠡᠯ ᠡᠪᠡᠰᠦ ᠪᠤᠯᠪᠠᠰᠤᠷᠠᠭᠤᠯᠬᠤ ᠴᠡᠭ︾ ᠢᠶᠠᠨ ᠠᠰᠢᠭᠯᠠᠯᠲᠠ ᠳᠤ ᠤᠷᠤᠭᠤᠯᠵᠦ᠂ ᠭᠤᠤᠯᠳᠠᠭᠤ ᠨᠤᠲᠤᠭ ᠤᠨ ᠡᠪᠡᠰᠦ᠂ ᠲᠠᠷᠢᠶᠠᠨ ᠤ ᠡᠰᠢ ᠰᠦᠷᠡᠯ᠂ ᠨᠤᠭᠤᠭᠠᠨ ᠲᠠᠷᠤᠰᠢ᠂ ᠪᠤᠷᠴᠠᠭ ᠤᠨ ᠲᠦᠷᠦᠯ᠂ ᠡᠷᠳᠡᠨᠢ ᠰᠢᠰᠢ ᠶᠢᠨ ᠭᠤᠯᠢᠷ᠂ ᠨᠠᠷᠢᠯᠢᠭ ᠪᠤᠷᠳᠤᠭ᠎ᠠ᠂ ᠰᠦᠳᠠ᠂ ᠲᠠᠪᠤᠰᠦ ᠵᠡᠷᠭᠡ ᠰᠢᠮ᠎ᠡ ᠲᠡᠵᠢᠭᠡᠯᠳᠦ ᠪᠤᠳᠠᠰ ᠢ ᠨᠡᠶᠢᠯᠡᠬᠦᠯᠵᠦ᠂ ᠮᠠᠯ ᠤᠨ ᠪᠡᠶ᠎ᠡ  ᠳᠤ ᠴᠢᠬᠤᠯᠠ ᠱᠠᠭᠠᠷᠳᠠᠭᠳᠠᠬᠤ ᠸᠢᠲ᠋ᠠᠮᠢᠨ ᠤ ᠲᠦᠷᠦᠯ᠂ ᠪᠢᠴᠢᠯ ᠡᠯᠧᠮᠧᠨ᠋ᠲ ᠶᠢ ᠰᠢᠨᠵᠢᠯᠡᠬᠦ ᠤᠬᠠᠭᠠᠨᠴᠢ ᠪᠠᠷ ᠬᠤᠯᠢᠵᠦ ᠨᠠᠶᠢᠷᠠᠭᠤᠯᠵᠦ ᠪᠤᠷᠤᠯᠠᠭᠤᠯᠤᠨ᠂ ᠠᠵᠢᠯ ᠡᠬᠢᠯᠡᠬᠦᠯᠦᠭᠰᠡᠨ ᠬᠠᠭᠠᠰ ᠰᠠᠷ᠎ᠠ ᠶᠢᠨ ᠬᠤᠭᠤᠴᠠᠭᠠᠨ ᠳᠤ 100 ᠭᠠᠷᠤᠢ ᠲᠤᠨ ᠬᠤᠯᠢᠮᠠᠭ ᠲᠡᠵᠢᠭᠡᠯ ᠦᠢᠯᠡᠳᠪᠦᠷᠢᠯᠡᠨ ᠪᠤᠷᠤᠯᠠᠭᠤᠯᠤᠭᠰᠠᠨ ᠪᠠᠶᠢᠨ᠎ᠠ᠃     ︽ᠳᠠᠭᠤᠷᠢᠶᠠᠯ ᠤᠨ ᠬᠦᠴᠦᠨ ᠬᠢᠵᠠᠭᠠᠷᠯᠠᠰᠢ ᠦᠬᠡᠢ︾᠃ ᠮᠠᠯᠴᠢᠨ ᠪᠠᠳᠦ᠋ᠮᠦᠩᠬᠡ ᠶᠢᠨ ᠦᠪᠡᠷ ᠢᠶᠠᠨ ᠰᠡᠳᠦᠵᠦ ᠤᠷᠤᠨ ᠨᠤᠲᠤᠭ ᠳᠠᠠᠨ ᠠᠩᠬᠠᠳᠤᠭᠴᠢ ᠲᠡᠵᠢᠭᠡᠯ ᠡᠪᠡᠰᠦ ᠪᠤᠯᠪᠠᠰᠤᠷᠠᠭᠤᠯᠬᠤ ᠴᠡᠭ ᠪᠠᠶᠢᠭᠤᠯᠤᠭᠰᠠᠨ ᠨᠢ ᠮᠠᠯᠴᠢᠨ ᠲᠦᠮᠡᠨ ᠤ  ᠪᠠᠨ ᠬᠦᠷᠢᠶᠡᠯᠡᠯ ᠢ ᠤᠯᠵᠦ᠂ ᠬᠠᠮᠲᠤᠪᠠᠷ ᠪᠦᠯᠬᠦᠳᠡᠮ ᠬᠦᠳᠡᠭᠡ ᠲᠤᠰᠬᠤᠨ ᠢᠶᠠᠨ ᠬᠦᠭᠵᠢᠬᠦᠯᠦᠨ ᠮᠠᠨᠳᠤᠭᠤᠯᠬᠤ ᠳᠤ ᠲᠦᠯᠬᠢᠴᠡ ᠬᠦᠴᠦᠨ ᠪᠤᠯᠵᠦ᠂ ᠵᠤᠷᠢᠭᠰᠠᠨ ᠦᠢᠯᠡᠰ ᠨᠢ ᠵᠠᠭᠤᠨ ᠤᠯᠠᠨ ᠳᠠᠭᠠᠨ ᠠᠴᠢ ᠲᠤᠰᠠ ᠪᠤᠯᠬᠤ ᠨᠢ ᠯᠠᠪᠲᠠᠢ ᠶᠤᠮ ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号