ᠪᠠᠷᠠᠭᠤᠨ ᠦᠵᠦᠮᠦᠴᠢᠨ ᠬᠤᠰᠢᠭᠤᠨ ᠤ ᠨᠣᠭᠤᠭᠠᠷᠠᠭᠤᠯᠤᠯᠲᠠ ᠶᠢ ᠠᠷᠠᠴᠢᠯᠠᠨ ᠬᠠᠮᠠᠭᠠᠯᠠᠬᠤ ᠠᠵᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2024/4/8
     ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ  ᠤᠨ ᠬᠥᠭᠵᠢᠯᠲᠡ ᠶᠢᠨ ᠲᠥᠪ ᠨᠢ ᠨᠣᠭᠤᠭᠠᠷᠠᠭᠤᠯᠤᠯᠲᠠ ᠶᠢ ᠠᠷᠠᠴᠢᠯᠠᠨ ᠬᠠᠮᠠᠭᠠᠯᠠᠬᠤ ᠠᠵᠢᠯ ᠪᠥᠬᠦ ᠲᠠᠯ᠎ᠠ ᠪᠠᠷ ᠡᠬᠢᠯᠡᠬᠦᠯᠵᠠᠢ᠃      ᠣᠶᠢᠷ᠎ᠠ ᠶᠢᠨ ᠡᠳᠦᠷ ᠤᠳ ᠲᠤ᠂ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠠᠵᠢᠯᠲᠠᠳ ᠬᠦᠴᠦ ᠪᠠᠨ ᠲᠥᠪᠯᠡᠷᠡᠭᠦᠯᠦᠨ ᠪᠠᠯᠭᠠᠷᠭᠤᠤᠯ ᠪᠠᠯᠭᠠᠰᠤᠨ ᠤ ᠨᠣᠭᠤᠭᠠᠷᠠᠭᠤᠯᠤᠯᠲᠠ ᠶᠢᠨ ᠣᠷᠣᠨ ᠤ ᠬᠢᠨᠠᠨ ᠬᠠᠮᠢᠶᠠᠷᠤᠯᠲᠠ ᠠᠷᠠᠴᠢᠯᠠᠯᠲᠠ ᠶᠢᠨ ᠠᠵᠢᠯ ᠬᠢᠵᠦ ᠶᠠᠭᠠᠷᠠᠯᠳᠠᠶᠢᠬᠠᠨ ᠪᠠᠶᠢᠯ᠎ᠠ᠃      ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠠᠴᠠ ᠡᠳᠦᠷ ᠪᠦᠷᠢ 40 ᠨᠠᠷ᠎ᠠ ᠨᠣᠭᠤᠭᠠᠷᠠᠭᠤᠯᠤᠯᠲᠠ ᠶᠢᠨ ᠠᠷᠠᠴᠢᠯᠠᠨ ᠬᠠᠮᠠᠭᠠᠯᠠᠬᠤ ᠠᠵᠢᠯᠲᠠᠨ ᠲᠤᠬᠢᠷᠠᠭᠤᠯᠤᠨ᠂ 2 ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠶᠢ ᠬᠥᠳᠡᠯᠭᠡᠵᠦ᠂ ᠨᠣᠭᠤᠭᠠᠷᠠᠭᠤᠯᠤᠯᠲᠠ ᠶᠢᠨ ᠠᠷᠠᠴᠢᠯᠠᠨ ᠬᠠᠮᠠᠭᠠᠯᠠᠬᠤ ᠣᠷᠣᠨ ᠤ ᠳᠣᠲᠣᠷᠠᠬᠢ ᠴᠠᠭᠠᠨ ᠥᠩᠭᠡᠲᠦ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠪᠠᠶᠢᠩᠭᠤᠵᠢᠭᠤᠯᠤᠨ ᠴᠡᠪᠡᠷᠯᠡᠬᠦ ᠶᠢᠨ ᠬᠠᠮᠲᠤ ᠨᠣᠭᠤᠭᠠᠷᠠᠭᠤᠯᠤᠯᠲᠠ ᠶᠢᠨ ᠣᠷᠣᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号