︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠶ᠎ᠠ     ᠬᠡᠷᠡᠯ ᠴᠠᠬᠢᠯᠭᠠᠨ ᠤ ᠠᠵᠤ ᠦᠢᠯᠡᠰ ᠢᠶᠠᠷ ᠠᠵᠤ ᠠᠬᠤᠶᠢᠯᠠᠯ ᠤᠨ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢ᠊
ᠨᠡᠶᠢᠲᠡᠯᠡᠭᠰᠡᠨ ᠴᠠᠭ᠄
2024/4/8
     ᠤᠯᠤᠰ ᠠᠴᠠ ︽ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠬᠤᠢ ᠪᠠᠶᠢᠳᠠᠯ ᠳᠣᠣᠷ᠎ᠠ᠂ ᠰᠢᠨ᠎ᠡ ᠡᠨᠧᠷᠭᠢ ᠶᠢᠨ ᠠᠵᠤ ᠦᠢᠯᠡᠰ ᠨᠡᠩ ᠴᠢᠬᠤᠯᠠᠴᠢᠯᠠᠭᠳᠠᠵᠤ᠂ ᠭᠡᠷᠡᠯ ᠴᠠᠬᠢᠯᠭᠠᠨ ᠭᠡᠬᠦ ᠪᠣᠬᠢᠷᠲᠤᠯ ᠦᠭᠡᠢ ᠠᠵᠤ ᠦᠢᠯᠡᠰ  ᠨᠢ  ︽ᠭᠡᠷᠡᠯ ᠰᠠᠴᠤᠷᠠᠩᠭᠤᠢ ᠴᠠᠭ ᠮᠥᠴᠡ  ︾  ᠶᠢ ᠤᠭᠲᠤᠨ ᠠᠪᠴᠢᠷᠠᠪᠠ᠃      ᠪᠠᠶᠠᠨᠬᠤᠸᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠠᠶᠠᠨᠬᠤᠸᠠ  ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠳᠤ᠂ ᠬᠠᠷ᠎ᠠ ᠥᠩᠭᠡ ᠲᠠᠢ ︽ᠪᠠᠶᠢᠯᠳᠤᠭᠠᠨ ᠤ ᠬᠤᠶᠠᠭ︾  ᠤᠳ ᠡᠮᠬᠢ ᠴᠡᠭᠴᠡ ᠲᠠᠢ ᠵᠢᠭᠰᠠᠵᠤ ᠪᠤᠢ᠃ ᠪᠠᠷᠠᠭᠤᠨ ᠦᠵᠦᠮᠦᠴᠢᠨ ᠬᠤᠰᠢᠭᠤᠨ ᠤ ᠡᠯᠪᠡᠭ ᠪᠠᠶᠠᠯᠢᠭ  ᠨᠠᠷᠠ ᠰᠠᠯᠬᠢᠨ ᠤ ᠴᠠᠬᠢᠯᠭᠠᠨ ᠤ ᠡᠬᠢ ᠪᠠᠶᠠᠯᠢᠭ ᠲᠤ ᠲᠦᠰᠢᠭᠯᠡᠨ᠂ ᠪᠠᠶᠠᠨᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠨᠢ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠶ ᠳᠤ ᠪᠥᠬᠦ ᠤᠯᠤᠰ ᠤᠨ ᠬᠠᠮᠤᠭ ᠤᠨ ᠲᠣᠮᠣ ᠵᠠᠳᠠᠭᠠᠢ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠬᠡᠷᠡᠯ ᠴᠠᠬᠢᠯᠭᠠᠨ ᠤ ᠲᠥᠷᠥᠯ ᠵᠦᠢᠯ ︱  ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠣᠷᠣᠯᠠᠬᠤ ᠢᠨᠵᠧᠨᠧᠷᠢᠩ ᠤᠨ 300MW ︵ᠨᠢᠭᠡᠳᠦᠭᠡᠷ ᠬᠤᠭᠤᠴᠠᠭᠠᠨ ᠳᠤ 200MW︶ ᠤᠨ ᠬᠡᠷᠡᠯ ᠴᠠᠬᠢᠯᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠪᠠ᠃ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠠᠬᠢᠨ ᠡᠭᠦᠰᠴᠦ ᠪᠣᠯᠬᠤ ᠡᠨᠧᠷᠭᠢ ᠶᠢᠨ ᠣᠷᠣᠯᠠᠬᠤ ᠲᠦᠷᠦᠯ ᠵᠦᠢᠯ ᠪᠣᠯᠤᠭᠰᠠᠨ ᠤ ᠬᠤᠪᠢ ᠳᠤ᠂ ᠲᠤᠰ ᠲᠦᠷᠦᠯ ᠵᠦᠢᠯ ᠤᠨ ᠢᠨᠵᠧᠨᠧᠷᠢᠩ ᠤᠨ ᠬᠡᠪᠴᠢᠶ᠎ᠡ ᠨᠢ ᠶᠡᠭᠡ᠂ ᠮᠡᠷᠭᠡᠵᠢᠯ ᠤᠨ ᠬᠦᠴᠢᠷᠳᠡᠯ ᠨᠢ ᠥᠨᠳᠥᠷ᠂ ᠰᠢᠨ᠎ᠡ ᠶᠢ ᠡᠭᠦᠳᠬᠦ ᠠᠴᠢ ᠬᠤᠯᠪᠣᠭᠳᠠᠯ ᠨᠢ ᠴᠤ ᠶᠡᠭᠡ ᠪᠠᠶᠢᠵᠤ᠂ ᠰᠢᠨ᠎ᠡ ᠬᠡᠯᠪᠡᠷᠢ ᠶᠢᠨ ᠭᠡᠷᠡᠯ ᠴᠠᠬᠢᠯᠭᠠᠨ ᠤ ᠴᠠᠬᠢᠯᠭᠠᠨ ᠬᠦᠴᠦᠨ ᠤ ᠰᠢᠰᠲ᠋ᠧᠮ ᠳᠠᠬᠢ ᠰᠢᠨ᠎ᠡ ᠮᠡᠷᠭᠡᠵᠢᠯ᠂ ᠰᠢᠨ᠎ᠡ ᠲᠣᠭᠲᠠᠴᠠ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠴᠢᠬᠤᠯᠠ ᠵᠢᠱᠢᠶ᠎ᠡ ᠦᠵᠡᠭᠦᠯᠬᠦ ᠪᠣᠯᠣᠨ᠎ᠠ᠃      ᠲᠥᠷᠥᠯ ᠵᠦᠢᠯ ᠤᠨ ᠶᠡᠷᠦᠩᠬᠡᠢ ᠲᠠᠯᠠᠪᠠᠶ ᠨᠢ ᠪᠠᠷᠤᠭ 8331.3 ᠮᠦ ᠪᠠᠶᠢᠵᠤ᠂ ᠪᠥᠬᠦ ᠪᠠᠭᠲᠠᠭᠠᠮᠵᠢ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠪᠦᠷᠢ 4.5 ᠳ᠋ᠦᠩᠰᠢᠭᠤᠷ ᠺᠢᠯᠣᠸᠠᠲ ᠴᠠᠭ  ᠪᠣᠬᠢᠷᠲᠤᠯ ᠦᠭᠡᠢ ᠴᠠᠬᠢᠯᠭᠠᠨ ᠢ ᠬᠦᠷᠭᠡᠬᠦ ᠪᠣᠯᠣᠨ᠎ᠠ᠂ ᠡᠨᠡ ᠨᠢ ᠪᠠᠷᠢᠮᠵᠢᠶᠠᠲᠤ ᠨᠡᠭᠦᠷᠡᠰᠦ ᠶᠢ 13.5 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 37.2 ᠲᠦᠮᠡᠨ ᠲᠣᠨ ᠪᠠᠭᠠᠰᠬᠠᠭᠰᠠᠨ ᠲᠠᠢ ᠲᠡᠩᠴᠡᠨ᠎ᠡ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ 2023 ᠣᠨ ᠤ 8 ᠰᠠᠷ᠎ᠠ ᠶᠢᠨ 16 ᠤ ᠡᠳᠦᠷ ᠵᠢᠩᠬᠢᠨᠢ ᠪᠠᠷ ᠡᠬᠢᠯᠡᠨ ᠪᠠᠶᠢᠭᠤᠯᠵᠤ᠂ 2023 ᠣᠨ ᠤ 12 ᠰᠠᠷ᠎ᠠ ᠶᠢᠨ 25 ᠤ ᠡᠳᠦᠷ ᠠᠰᠢᠭᠯᠠᠯᠲᠠ ᠳᠤ ᠣᠷᠣᠭᠤᠯᠤᠨ ᠴᠠᠬᠢᠯᠭᠠᠨ ᠭᠠᠷᠭᠠᠬᠤ ᠶᠢ ᠤᠷᠤᠭᠰᠢᠲᠠᠢ ᠪᠡᠶᠡᠯᠡᠭᠦᠯᠪᠡ᠃     ᠪᠠᠶᠠᠨᠬᠤᠸᠠ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠄ ︽ᠰᠢᠷᠣᠢ ᠭᠠᠳᠠᠭᠰᠢᠯᠠᠭᠤᠯᠬᠤ ᠲᠠᠯᠠᠪᠠᠢ ᠳᠤ ᠭᠡᠷᠡᠯ ᠴᠠᠬᠢᠯᠭᠠᠨ ᠤ ᠬᠠᠪᠲᠠᠰᠤ ᠤᠭᠰᠠᠷᠠᠪᠠᠯ ᠭᠠᠵᠠᠷ ᠤᠨ ᠭᠠᠳᠠᠷᠭᠤ ᠶᠢᠨ ᠠᠭᠤᠷᠰᠢᠯᠲᠠ ᠶᠢᠨ ᠤᠰᠤᠨ ᠤ ᠬᠡᠮᠵᠢᠶ᠎ᠡ ᠶᠢ 20% ᠠᠴᠠ 30% ᠪᠠᠷ ᠪᠠᠭᠤᠷᠠᠭᠤᠯᠬᠤ ᠪᠠᠷ ᠪᠠᠷᠠᠬᠤ ᠦᠭᠡᠢ ᠪᠠᠰᠠ ᠰᠠᠯᠬᠢᠨ ᠤ ᠬᠤᠷᠳᠤᠴᠠ ᠶᠢ ᠪᠦᠲᠦᠮᠵᠢᠲᠡᠢ ᠪᠠᠭᠤᠷᠠᠭᠤᠯᠵᠤ᠂ ᠤᠷᠭᠤᠮᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠠᠵᠠᠷ ᠤᠨ ᠭᠠᠳᠠᠷᠭᠤ ᠶᠢᠨ ᠠᠮᠢ ᠠᠬᠤᠢ ᠶᠢᠨ ᠰᠡᠷᠭᠦᠯᠲᠡ ᠶᠢᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠪᠣᠯᠣᠨ᠎ᠠ︾ ᠭᠡᠵᠦ ᠲᠠᠨᠢᠯᠴᠠᠭᠤᠯᠵᠠᠢ᠃    ᠪᠠᠶᠠᠨᠬᠤᠸᠠ  ᠥᠪᠡᠷᠲᠡᠭᠡᠨ  ᠪᠡᠯᠡᠳᠬᠡᠭᠰᠡᠨ  ᠰᠢᠨ᠎ᠡ  ᠡᠨᠧᠷᠭᠢ  ᠶᠢᠨ  ᠬᠡᠯᠲᠡᠰ ᠤᠨ ᠡᠷᠬᠢᠯᠡᠭᠴᠢ ᠯᠢᠦ ᠲᠢᠶᠧ᠄    ᠪᠠᠶᠠᠨᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠣᠷᠣᠯᠠᠬᠤ ᠢᠨᠵᠧᠨᠧᠷᠢᠩ ᠤᠨ 300MW ᠤᠨ ᠭᠡᠷᠡᠯ ᠴᠠᠬᠢᠯᠭᠠᠨ ᠤ ᠲᠦᠷᠦᠯ ᠵᠦᠢᠯ ᠠᠰᠢᠭᠯᠠᠯᠲᠠ ᠳᠤ ᠣᠷᠣᠵᠤ ᠴᠠᠬᠢᠯᠭᠠᠨ ᠭᠠᠷᠭᠠᠭᠰᠠᠨ ᠨᠢ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠪᠣᠬᠢᠷᠲᠤᠯ ᠦᠭᠡᠢ ᠠᠭᠤᠷᠬᠠᠢ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠪᠠᠶᠠᠨᠬᠤᠸᠠ ᠨᠡᠭᠦᠷᠡᠰᠦ ᠴᠠᠬᠢᠯᠭᠠᠨ ᠬᠥᠩᠭᠡᠨᠴᠠᠭᠠᠨ ᠤ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠳᠤ ᠪᠣᠬᠢᠷᠲᠤᠯ ᠦᠭᠡᠢ ᠬᠥᠭᠵᠢᠯᠲᠡ ᠶᠢᠨ ᠬᠦᠴᠦᠷᠬᠡᠭ ᠶᠡᠭᠡ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃ 2024 ᠣᠨ ᠳᠤ᠂ ᠪᠢᠳᠡ ᠲᠤᠰ ᠲᠦᠷᠦᠯ ᠵᠦᠢᠯ ᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠭᠡᠷᠡᠯ ᠴᠠᠬᠢᠯᠭᠠᠨ ᠤ ᠦᠷᠲᠡᠭᠡ ᠪᠣᠯᠭᠠᠨ ᠪᠠᠶᠢᠭᠤᠯᠬᠤ ᠪᠠᠷ ᠴᠢᠷᠮᠠᠶᠢᠬᠤ ᠶᠢᠨ ᠬᠠᠮᠲᠤ ᠪᠣᠬᠢᠷᠲᠤᠯ ᠦᠭᠡᠢ ᠴᠠᠬᠢᠯᠭᠠᠨ ᠢᠶᠠᠷ ᠬᠥᠭᠵᠢᠯᠲᠡ ᠶᠢ ᠠᠬᠢᠭᠤᠯᠬᠤ ᠰᠢᠨ᠎ᠡ ᠠᠵᠠ ᠲᠣᠬᠢᠶᠠᠯ ᠢ ᠢᠳᠡᠪᠬᠢᠲᠡᠢ ᠰᠦᠪᠡᠭᠴᠢᠯᠡᠵᠦ᠂ ᠡᠨᠧᠷᠭᠢ ᠶᠢᠨ ᠬᠥᠭᠵᠢᠯᠲᠡ ᠶᠢᠨ ᠰᠢᠨ᠎ᠡ  ᠵᠠᠮ ᠢ ᠲᠦᠷᠭᠡᠨ ᠪᠠᠶᠢᠭᠤᠯᠵᠤ᠂ ᠰᠠᠯᠬᠢ᠂ ᠭᠡᠷᠡᠯ᠂ ᠢᠯᠴᠢ ᠵᠡᠷᠭᠡ ᠤᠯᠠᠨ ᠲᠦᠷᠦᠯ ᠤᠨ ᠰᠢᠨ᠎ᠡ ᠡᠨᠧᠷᠭᠢ ᠶᠢ ᠨᠡᠶᠢᠳᠬᠡᠬᠦ ᠪᠠᠷ ᠳᠠᠮᠵᠢᠭᠤᠯᠵᠤ᠂ ᠣᠷᠣᠨ ᠪᠦᠰᠡ  ᠶᠢᠨ ᠲᠡᠷᠢᠭᠦᠨ ᠤ ᠶᠡᠷᠦᠩᠬᠡᠶᠢᠯᠡᠭᠰᠡᠨ ᠪᠣᠬᠢᠷᠲᠤᠯ ᠦᠭᠡᠢ ᠣᠶᠤᠨᠲᠤ ᠴᠠᠬᠢᠯᠭᠠᠨ ᠦᠢᠯᠡᠳᠪᠦᠷᠢ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ   ᠲᠠᠯᠪᠢᠨ᠎ᠠ᠃     ᠲᠣᠰ ᠲᠥᠷᠥᠯ ᠵᠦᠢᠯ ᠨᠢ ᠰᠢᠲᠠᠭᠠᠯᠭ᠎ᠠ ᠶᠢᠨ ᠨᠡᠭᠦᠷᠡᠰᠦᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ ᠴᠢᠨᠠᠷᠲᠠᠢ ᠲᠣᠬᠢᠷᠠᠭᠤᠯᠬᠤ ᠴᠢᠳᠠᠪᠤᠷᠢ ᠶᠢ ᠭᠦᠢᠴᠡᠳ ᠠᠭᠤᠳᠠᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠶᠢ ᠲᠦᠷᠭᠡᠳᠬᠡᠨ ᠬᠡᠷᠡᠭᠵᠢᠭᠦᠯᠵᠦ᠂ ᠨᠡᠭᠦᠷᠡᠰᠦᠨ ᠤ ᠬᠤᠷᠣᠭᠳᠠᠯ ᠤᠨ ᠬᠡᠮᠵᠢᠶ᠎ᠡ ᠶᠢ ᠪᠠᠭᠤᠷᠠᠭᠤᠯᠤᠨ᠎ᠠ᠃ ᠲᠥᠷᠥᠯ ᠵᠦᠢᠯ ᠤᠨ ᠬᠠᠮᠤᠭ ᠡᠴᠦᠰ ᠤᠨ ᠳᠠᠭᠠᠭᠠᠴᠠ ᠶᠢ ᠪᠠᠶᠠᠨᠬᠤᠸᠠ ᠳᠡᠭᠡᠳᠦ ᠨᠠᠷᠢᠯᠢᠭ ᠬᠥᠩᠭᠡᠨᠴᠠᠭᠠᠨ ᠤ  ᠬᠠᠪᠲᠠᠰᠤᠨ ᠤ ᠲᠥᠷᠥᠯ ᠵᠦᠢᠯ ᠠᠴᠠ ᠪᠥᠬᠦ ᠲᠤᠭ᠎ᠠ ᠪᠠᠷ ᠰᠢᠩᠭᠡᠬᠡᠨ ᠠᠪᠴᠤ᠂  ᠬᠥᠩᠭᠡᠨᠴᠠᠭᠠᠨ ᠤ ᠦᠢᠯᠡᠳᠪᠦᠷᠢ ᠶᠢᠨ ᠴᠡᠪᠡᠷ ᠡᠨᠧᠷᠭᠢ ᠶᠢᠨ ᠴᠠᠬᠢᠯᠭᠠᠨ ᠬᠡᠷᠡᠭᠯᠡᠬᠦ ᠬᠠᠷᠢᠴᠠᠯ ᠢ 0% ᠪᠠᠶᠢᠭᠰᠠᠨ ᠠᠴᠠ 8.3% ᠪᠣᠯᠭᠠᠨ ᠳᠡᠭᠡᠭᠰᠢᠯᠡᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 100% ᠪᠣᠯᠭᠠᠵᠤ᠂ ︽ᠨᠡᠭᠦᠷᠡᠰᠦ ᠴᠠᠬᠢᠯᠭᠠᠨ ᠬᠥᠩᠭᠡᠨᠴᠠᠭᠠᠨ︾ ᠢ ︽ᠪᠣᠬᠢᠷᠲᠤᠯ ᠦᠭᠡᠢ ᠴᠠᠬᠢᠯᠭᠠᠨ ᠬᠥᠩᠭᠡᠨᠴᠠᠭᠠᠨ︾ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ︽ᠠᠭᠤᠷᠬᠠᠢ ᠶᠢᠨ ᠵᠠᠰᠠᠯᠲᠠ + ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ︾ ᠶᠢ ᠪᠥᠬᠦ ᠲᠠᠯ᠎ᠠ ᠪᠠᠷ ᠥᠷᠨᠢᠭᠦᠯᠬᠦ ᠳᠤ ᠰᠠᠭᠤᠷᠢ ᠲᠠᠯᠪᠢᠵᠤ᠂ ᠠᠭᠤᠷᠬᠠᠢ ᠶᠢᠨ ᠭᠠᠷᠤᠯᠲᠠ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠬᠦᠴᠦᠨ ᠤ ᠣᠷᠤᠯᠠᠭᠤᠯᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号