ᠪᠠᠷᠠᠭᠤᠨ ᠦᠵᠦᠮᠦᠴᠢᠨ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠵᠢᠴᠢ ᠮᠠᠯ ᠤᠨ ᠲᠤᠭ᠎ᠠ ᠪᠦᠷᠢᠳᠬᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/9
      4 ᠰᠠᠷ᠎ᠠ ᠶᠢᠨ 7᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠵᠢᠴᠢ ᠮᠠᠯ ᠤᠨ ᠲᠤᠭ᠎ᠠ ᠪᠦᠷᠢᠳᠬᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ  ᠬᠤᠷᠠᠯᠳᠣᠭᠤᠯᠵᠤ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠡᠷᠭᠢᠯᠡᠨ  ᠬᠠᠮᠢᠶᠠᠲᠠᠢ ᠠᠵᠢᠯ ᠎ ᠳᠤ ᠪᠠᠶᠢᠷᠢᠯᠠᠭᠤᠯᠤᠯᠲᠠ ᠬᠢᠵᠦ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠠᠮᠢᠶᠠᠲᠠᠢ ᠠᠵᠢᠯᠲᠠᠳ ᠬᠤᠷᠠᠯ ᠳᠤ ᠣᠷᠣᠯᠴᠠᠵᠠᠢ᠃      ᠬᠤᠷᠠᠯ ᠠᠴᠠ ᠵᠢᠭᠠᠬᠤ ᠳᠠᠭᠠᠨ  ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠨᠢ ᠠᠮᠢ ᠠᠬᠤᠢ ᠶᠢ ᠬᠠᠮᠠᠭᠠᠯᠠᠬᠤ ᠪᠠ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ ᠳᠤ  ᠴᠢᠬᠤᠯᠠ ᠠᠴᠢ ᠬᠤᠯᠪᠣᠭᠳᠠᠯ ᠲᠠᠢ ᠶᠤᠮ᠃  ᠡᠯ᠎ᠡ ᠰᠤᠮᠤ ᠪᠠᠯᠭᠠᠰᠤ᠂ ᠬᠠᠮᠢᠶᠠᠲᠠᠢ ᠰᠠᠯᠠᠭ᠎ᠠ ᠮᠦᠴᠢᠷ ᠨᠢ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠠᠯᠵᠢᠬᠤ ᠣᠷᠣᠨ ᠳᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ  ᠬᠠᠩᠭᠠᠵᠤ᠂ ᠡᠪᠡᠰᠦ ᠪᠤᠷᠳᠤᠭᠠᠨ ᠤ ᠨᠥᠭᠡᠴᠢᠯᠡᠯᠲᠡ ᠶᠢᠨ ᠪᠠᠶᠢᠳᠠᠯ ᠢ ᠣᠶᠢᠯᠠᠭᠠᠵᠤ᠂ ᠬᠢᠵᠢᠭ ᠭᠡᠮ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠮᠠᠯ ᠤᠨ ᠤᠤᠭᠤᠬᠤ ᠤᠰᠤ᠂ ᠫᠧᠩ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠣᠶ ᠰᠢᠭᠤᠢ  ᠲᠠᠯ᠎ᠠ ᠨᠣᠲᠤᠭ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠎ ᠳᠤ ᠰᠠᠭᠤᠷᠢ ᠲᠠᠯᠪᠢᠬᠤ ᠬᠡᠷᠡᠭᠲᠡᠢ᠃      ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠢᠭᠤᠴᠠ ᠪᠠᠷ ᠪᠡᠯᠴᠢᠭᠡᠷᠯᠡᠭᠦᠯᠬᠦ᠂ ︽ᠡᠳᠦᠷ ᠬᠠᠰᠢᠵᠤ ᠰᠥᠨᠢ ᠪᠡᠯᠴᠢᠭᠡᠷᠯᠡᠭᠦᠯᠬᠦ︾ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠭᠠᠳᠠᠨ᠎ᠠ ᠠᠴᠠ ᠢᠷᠡᠭᠰᠡᠨ ᠮᠠᠯ ᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠭᠠᠳᠠᠨ᠎ᠠ  ᠶᠢᠨ ᠮᠠᠯ ᠢ ᠣᠷᠣᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠣᠯᠪᠠᠰᠤᠨ ᠢᠢᠡᠷ ᠬᠠᠤᠯᠢ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠂  ᠲᠤᠭᠲᠠᠭᠠᠯ ᠠᠴᠠ  ᠵᠥᠷᠢᠴᠡᠭᠰᠡᠨ ᠥᠢᠯᠡ ᠠᠵᠢᠯᠯᠠᠭ᠎ᠠ ᠢ ᠢᠯᠡᠴᠢᠯᠡᠨ ᠮᠡᠳᠡᠭᠦᠯᠬᠦ ᠳᠦᠷᠢᠮ  ᠢ  ᠬᠡᠷᠡᠭᠵᠢᠭᠦᠯᠵᠦ᠂ ᠬᠠᠤᠯᠢ  ᠶᠤᠰᠤᠭᠠᠷ ᠬᠢᠨᠠᠯᠲᠠ ᠲᠠᠯᠪᠢᠬᠤ᠂ ᠨᠡᠶᠢᠭᠡᠮ  ᠠᠴᠠ ᠬᠢᠨᠠᠯᠲᠠ ᠲᠠᠯᠪᠢᠬᠤ᠂ ᠤᠯᠠᠨ ᠲᠦᠮᠡᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ  ᠤ ᠬᠢᠨᠠᠯᠲᠠ ᠲᠠᠯᠪᠢᠬᠤ ᠨᠡᠶᠢᠯᠡᠯ ᠬᠦᠴᠦᠨ  ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ  ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠠᠪᠤᠷ ᠤᠨ ᠤᠯᠠᠷᠢᠯ ᠤᠨ  ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯ ᠢ ᠲᠣᠭᠠᠯᠠᠨ ᠪᠦᠷᠢᠳᠬᠡᠬᠦ ᠠᠵᠢᠯ ᠢ  ᠥᠷᠨᠢᠭᠦᠯᠬᠦ ᠲᠤᠯᠠ ᠡᠯ᠎ᠡ ᠰᠤᠮᠤ ᠪᠠᠯᠭᠠᠰᠤ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠷᠢᠳᠬᠡᠯ ᠤᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠪᠠᠲᠤᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠲᠤᠭ᠎ᠠ ᠪᠠᠷᠢᠮᠲᠠ ᠶᠢᠨ ᠪᠤᠲᠠᠲᠠᠢ ᠦᠨᠳᠦᠰᠦᠯᠡᠯ ᠬᠠᠩᠭᠠᠬᠤ ᠶᠢ ᠪᠠᠲᠤᠯᠠᠬᠤ ᠬᠡᠷᠡᠭᠲᠡᠢ᠃     ︽ᠪᠠᠷᠠᠭᠤᠨ ᠦᠵᠦᠮᠦᠴᠢᠨ ᠬᠤᠰᠢᠭᠤᠨ ᠤ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠎ ᠤᠨ ᠲᠥᠰᠥᠯ︾᠎ ᠨᠢ ᠨᠢᠭᠡᠨᠲᠡ ᠵᠠᠰᠠᠭ ᠵᠠᠬᠢᠷᠭᠠᠨ ᠤ ᠵᠥᠪᠰᠢᠶᠡᠷᠡᠯ ᠢ ᠣᠯᠵᠤ᠂ ᠡᠯ᠎ᠡ ᠰᠤᠮᠤ ᠪᠠᠯᠭᠠᠰᠤ᠂ ᠬᠠᠮᠢᠶᠠᠲᠠᠢ ᠰᠠᠯᠠᠭ᠎ᠠ ᠮᠦᠴᠢᠷ ᠨᠢ ᠲᠥᠰᠦᠯ ᠎ ᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ  ᠪᠣᠳᠠᠲᠠᠢ ᠳᠤ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠣᠨᠴᠠ ᠲᠣᠭᠲᠠᠭᠰᠠᠨ ᠣᠷᠣᠨ ᠪᠦᠰᠡ ᠶᠢᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠪᠠᠶᠢᠩᠭᠤ ᠶᠢᠨ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠥᠷᠭᠡᠨ ᠣᠯᠠᠨ ᠮᠠᠯᠴᠢᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠮᠠᠯ ᠤᠨ ᠭᠠᠷᠭᠠᠯᠲᠠ ᠶᠢᠨ ᠡᠷᠴᠢᠮ ᠢ ᠴᠢᠩᠭᠠᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号