ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/4/9
     ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠣᠨ᠎ᠠ᠃      ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠤᠳᠠᠯᠳᠤᠭᠠᠨ ᠤ ᠶᠠᠪᠤᠳᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄     ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢᠲᠦ ᠪᠣᠷᠤᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃  ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ ᠭᠦᠢᠯᠭᠡᠭᠡᠨ ᠤ ᠠᠵᠢᠯ ᠲᠦᠷᠦᠯ ᠢ ᠬᠢᠨᠠᠵᠤ ᠬᠠᠮᠢᠶᠠᠷᠤᠨ᠎ᠠ᠃     ᠪᠥᠬᠦ ᠬᠤᠰᠢᠭᠤᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃     ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠬᠤᠰᠢᠭᠤᠨ ᠤ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠣᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号